ᠪᠦᠬᠦ ᠣᠷᠣᠨ ᠤ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠠᠵᠢᠯ ᠤᠨ ᠬᠤᠷᠠᠯ ᠦᠬᠠᠶ ᠬᠤᠳᠠ ᠎ ᠳᠤ ᠬᠤᠷᠠᠯᠳᠤᠪᠠ
ᠨᠡᠶᠢᠲᠡᠯᠡᠭᠰᠡᠨ ᠴᠠᠭ᠄
2016/6/20
      6 ᠳ᠋ᠤᠭᠠᠷ ᠰᠠᠷ᠎ᠠ ᠶᠢᠨ 16᠎ ᠤ ᠡᠳᠦᠷ᠂ ᠪᠦᠬᠦ ᠣᠷᠣᠨ ᠤ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠠᠵᠢᠯ ᠤᠨ ᠬᠤᠷᠠᠯ ᠦᠬᠠᠶ ᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠲᠣᠭᠤᠷᠢᠨ ᠪᠠᠶᠢᠴᠠᠭᠠᠭᠴᠢ ᠯᠢᠦ ᠶᠦᠩ ᠸᠠᠩ᠂ ᠬᠤᠳᠠ ᠶᠢᠨ ᠳᠡᠳ᠋ ᠳᠠᠷᠤᠭ᠎ᠠ ᠯᠢᠨ ᠲᠣᠣ ᠬᠤᠷᠠᠯ ᠳᠤ ᠣᠷᠣᠯᠴᠠᠪᠠ᠃      ᠬᠤᠷᠠᠯ ᠤᠨ ᠭᠤᠣᠯ ᠡᠭᠦᠷᠭᠡ ᠪᠣᠯ ᠪᠦᠬᠦ ᠤᠯᠤᠰ ᠤᠨ ᠠᠮᠤ ᠪᠤᠳᠠᠭᠠᠨ ᠤ ᠰᠢᠰᠲ᠋ᠧᠮ ᠤᠨ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠠᠵᠢᠯ ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽12·5︾᠎ ᠤᠨ ᠲᠦᠯᠦᠪᠵᠢᠭᠦᠯᠭᠡ ᠵᠢᠴᠢ 2015 ᠣᠨ ᠠᠴᠠ ᠨᠠᠭᠠᠰᠢᠬᠢ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠠᠵᠢᠯ ᠤᠨ ᠪᠠᠶᠢᠳᠠᠯ ᠢ ᠳ᠋ᠦᠩᠨᠡᠨ ᠰᠣᠯᠢᠯᠴᠠᠵᠤ᠂ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠪᠠ ᠰᠢᠨ᠎ᠡ ᠱᠠᠭᠠᠷᠳᠠᠯᠭ᠎ᠠ ᠶᠢ ᠰᠤᠳᠤᠯᠤᠨ ᠵᠠᠳᠠᠯᠵᠤ᠂ ︽13·5︾᠎ ᠤᠨ ᠲᠦᠯᠦᠪᠵᠢᠭᠦᠯᠭᠡ ᠶᠢᠨ ᠬᠥᠭᠵᠢᠯᠲᠡ ᠶᠢᠨ ᠰᠡᠳᠭᠢᠮᠵᠢ ᠶᠢ ᠰᠦᠪᠡᠭᠴᠢᠯᠡᠨ ᠰᠣᠳᠤᠯᠵᠤ᠂ ᠡᠨᠡ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠤᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ︽13·5︾᠎ ᠶᠢᠨ ᠬᠤᠭᠤᠴᠠᠭᠠᠨ ᠳᠤ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠬᠠᠮᠢᠶᠠᠷᠤᠯᠲᠠ ᠶᠢᠨ ᠠᠵᠢᠯ ᠨᠢ ᠰᠢᠨ᠎ᠡ ᠦᠰᠦᠷᠦᠯᠲᠡ ᠪᠠ ᠬᠥᠭᠵᠢᠯᠲᠡ ᠶᠢ ᠪᠡᠶᠡᠯᠡᠭᠦᠯᠦᠨ᠂ ︽ᠢᠨᠲ᠋ᠧᠷ ᠰᠦᠯᠵᠢᠶ᠎ᠡ +︾᠎ ᠶᠢᠨ ᠰᠡᠳᠬᠢᠬᠦᠶ ᠪᠠᠨ ᠴᠢᠩᠭᠠᠳᠬᠠᠵᠤ᠂ ᠨᠡᠬᠡᠬᠡᠯᠲᠡ ᠬᠢᠵᠦ ᠰᠢᠨ᠎ᠡ ᠶᠢ ᠡᠭᠦᠳᠦᠨ᠂ ᠢᠳᠡᠪᠬᠢᠲᠡᠶ ᠠᠵᠢᠯᠯᠠᠵᠤ᠂ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠠᠵᠢᠯ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠤᠳᠤᠷᠢᠳᠤᠯᠭ᠎ᠠ ᠪᠠᠨ ᠴᠢᠩᠭᠠᠳᠬᠠᠵᠤ᠂ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢ ᠦᠨᠡᠨᠬᠦ ᠪᠠᠲᠤᠯᠠᠬᠤ ᠬᠡᠷᠡᠭᠲᠡᠢ︔ ᠠᠵᠠ ᠲᠣᠬᠢᠶᠠᠯ ᠢ ᠠᠮᠵᠢᠨ᠂ ᠨᠤᠷᠠᠬᠤ ᠠᠶᠤᠯᠲᠠᠶ ᠪᠤᠶᠤ ᠬᠠᠭᠤᠴᠢᠨ ᠬᠥᠮᠥᠷᠭᠡ ᠶᠢ ︵ᠴᠡᠷᠢᠭ ᠤᠨ ᠬᠦᠨᠡᠰᠦ ᠶᠢᠨ ᠲᠤᠰᠬᠠᠶ ᠵᠦᠢᠯ︶ ᠰᠡᠯᠪᠢᠨ ᠵᠠᠰᠠᠵᠤ ᠦᠭᠡᠷᠡᠴᠢᠯᠡᠬᠦ ᠠᠵᠢᠯ ᠢ ᠲᠥᠷᠭᠡᠳᠬᠡᠨ ᠠᠬᠢᠭᠤᠯᠵᠤ᠂ ᠬᠠᠮᠢᠶᠠᠷᠤᠯᠲᠠ ᠪᠠᠨ ᠴᠢᠩᠭᠠᠳᠬᠠᠨ᠂ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢ ᠪᠠᠲᠤᠯᠠᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ︔ ᠨᠡᠬᠡᠬᠡᠯᠲᠡ ᠬᠢᠵᠦ ᠰᠢᠨ᠎ᠡ ᠶᠢ ᠡᠭᠦᠳᠴᠦ᠂ ᠴᠡᠷᠢᠭ ᠠᠷᠠᠳ ᠤᠨ ᠤᠶᠠᠯᠳᠤᠯ ᠤᠨ ᠭᠦᠨᠵᠡᠭᠡᠶᠢᠷᠡᠨ ᠬᠦᠭᠵᠢᠬᠦ ᠶᠢ ᠶᠡᠬᠡᠪᠡᠷ ᠠᠬᠢᠭᠤᠯᠬᠤ ᠬᠡᠷᠡᠭᠲᠡᠶ︔ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠵᠤ᠂ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠦᠢᠯᠡᠴᠢᠯᠡᠭᠡᠨ ᠤ ᠬᠢᠷᠢ ᠲᠥᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ︔ ᠢᠳᠡᠪᠬᠢᠲᠡᠢ ᠪᠠᠷ ᠠᠵᠢᠯᠯᠠᠨ᠂ ᠤᠯᠤᠰ ᠲᠦᠷᠦ ᠶᠢᠨ ᠲᠠᠯ᠎ᠠ ᠪᠠᠷ ᠬᠢᠷᠢ ᠲᠡᠩᠴᠡᠭᠰᠡᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠢᠯᠢᠳᠡᠭ ᠨᠢᠭᠡᠨ ᠰᠠᠯᠠᠠᠭ ᠬᠠᠩᠭᠠᠯᠭ᠎ᠠ ᠶᠢᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠪᠡ᠃      ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠠᠵᠢᠯ ᠪᠣᠯ ᠨᠢᠭᠡ ᠵᠦᠢᠯ ᠤᠨ ᠠᠵᠤ ᠠᠬᠤᠶ ᠶᠢᠨ ᠴᠢᠬᠤᠯᠠ ᠠᠵᠢᠯ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡ ᠵᠦᠢᠯ ᠤᠨ ᠲᠥᠪ ᠴᠢᠩᠭ᠎ᠠ ᠤᠯᠤᠰ ᠲᠦᠷᠦ ᠶᠢᠨ ᠡᠭᠦᠷᠭᠡ ᠮᠥᠨ᠃ ᠦᠬᠠᠶ ᠬᠤᠳᠠ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠪᠠ ᠴᠡᠷᠢᠭ ᠠᠷᠠᠳ ᠤᠨ ᠤᠶᠠᠯᠳᠤᠯ ᠤᠨ ᠭᠦᠨᠵᠡᠭᠡᠶᠢᠷᠡᠨ ᠬᠦᠭᠵᠢᠬᠦ ᠶᠢ ᠲᠠᠰᠤᠷᠠᠯᠳᠠ ᠦᠭᠡᠢ ᠲᠦᠷᠭᠡᠳᠬᠡᠨ ᠠᠬᠢᠭᠤᠯᠵᠤ᠂ ᠦᠢᠯᠡᠴᠢᠯᠡᠬᠦ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠴᠡᠷᠢᠭ ᠤᠨ ᠠᠮᠤ ᠬᠦᠨᠡᠰᠦ ᠶᠢᠨ ᠲᠦᠷᠦᠯ ᠵᠦᠢᠯ ᠢ ᠡᠯᠪᠡᠭᠵᠢᠭᠦᠯᠵᠦ᠂ ᠴᠡᠷᠢᠭ ᠤᠨ ᠠᠮᠤ ᠬᠦᠨᠡᠰᠦ ᠶᠢᠨ ᠶᠠᠰᠤ ᠴᠢᠨᠠᠷ ᠢ ᠳᠣᠪᠤᠶᠢᠯᠭᠠᠨ᠂ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠵᠠᠰᠠᠭ ᠤᠨ ᠣᠷᠳᠣᠨ ᠠᠴᠠ ᠴᠢᠬᠤᠯᠠᠴᠢᠯᠠᠨ ᠳᠡᠮᠵᠢᠵᠦ᠂ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠱᠠᠳᠤ ᠱᠠᠳᠤ ᠪᠠᠷ ᠴᠢᠩᠭ᠎ᠠ ᠨᠠᠶᠢᠳᠠᠪᠤᠷᠢᠵᠢᠭᠤᠯᠤᠭᠰᠠᠨ ︽ᠶᠡᠭᠡ ᠴᠡᠷᠢᠭ ᠤᠨ ᠬᠦᠨᠡᠰᠦ︾᠎ ᠶᠢᠨ ᠬᠠᠩᠭᠠᠯᠭ᠎ᠠ ᠶᠢᠨ ᠠᠵᠢᠯ ᠤᠨ ᠰᠠᠶᠢᠨ ᠲᠣᠭᠲᠠᠴᠠ ᠶᠢ ᠢᠳᠡᠭ ᠢᠳᠡᠭ ᠢᠶᠠᠷ ᠪᠣᠢ ᠪᠣᠯᠭᠠᠵᠤ᠂ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠠᠭᠤᠰᠤᠯᠴᠠᠭᠤᠯᠤᠭᠰᠠᠨ ᠪᠠᠶᠢᠨ᠎ᠠ᠃      ᠬᠤᠷᠠᠯ ᠳᠤ ᠣᠷᠣᠯᠴᠠᠭᠰᠠᠳ ᠪᠠᠰᠠ ᠦᠬᠠᠶ ᠬᠤᠳᠠ ᠶᠢᠨ ᠶᠤᠸᠠᠨ ᠯᠢᠶᠠᠨ ᠢᠳᠡᠭᠡᠨ ᠤ ᠦᠢᠯᠡᠳᠪᠦᠷᠢ᠂ ᠦᠬᠠᠶ ᠬᠤᠳᠠ ᠶᠢᠨ ᠨᠢᠭᠡᠳᠦᠭᠡᠷ ᠠᠮᠤ ᠪᠤᠳᠠᠭᠠᠨ ᠤ ᠬᠥᠮᠥᠷᠭᠡ ᠵᠡᠷᠭᠡ ᠭᠠᠵᠠᠷ ᠢ ᠲᠣᠭᠤᠷᠢᠨ ᠦᠵᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号