6 ᠳ᠋ᠤᠭᠠᠷ ᠰᠠᠷ᠎ᠠ ᠶᠢᠨ 16 ᠤ ᠡᠳᠦᠷ᠂ ᠪᠦᠬᠦ ᠣᠷᠣᠨ ᠤ ᠴᠡᠷᠢᠭ ᠤᠨ ᠠᠮᠤ ᠬᠦᠨᠡᠰᠦ ᠶᠢᠨ | ᠬᠠᠩᠭᠠᠯᠭ᠎ᠠ ᠶᠢᠨ ᠠᠵᠢᠯ ᠤᠨ ᠬᠤᠷᠠᠯ ᠦᠬᠠᠶ ᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠲᠣᠭᠤᠷᠢᠨ ᠪᠠᠶᠢᠴᠠᠭᠠᠭᠴᠢ ᠯᠢᠦ ᠶᠦᠩ ᠸᠠᠩ᠂ ᠬᠤᠳᠠ ᠶᠢᠨ | ᠳᠡᠳ᠋ ᠳᠠᠷᠤᠭ᠎ᠠ ᠯᠢᠨ ᠲᠣᠣ ᠬᠤᠷᠠᠯ ᠳᠤ ᠣᠷᠣᠯᠴᠠᠪᠠ᠃ | ᠬᠤᠷᠠᠯ ᠤᠨ ᠭᠤᠣᠯ ᠡᠭᠦᠷᠭᠡ ᠪᠣᠯ ᠪᠦᠬᠦ ᠤᠯᠤᠰ ᠤᠨ ᠠᠮᠤ ᠪᠤᠳᠠᠭᠠᠨ ᠤ ᠰᠢᠰᠲ᠋ᠧᠮ ᠤᠨ ᠴᠡᠷᠢᠭ ᠤᠨ ᠠᠮᠤ | ᠬᠦᠨᠡᠰᠦ ᠶᠢᠨ ᠬᠠᠩᠭᠠᠯᠭ᠎ᠠ ᠶᠢᠨ ᠠᠵᠢᠯ ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽12·5︾ ᠤᠨ | ᠲᠦᠯᠦᠪᠵᠢᠭᠦᠯᠭᠡ ᠵᠢᠴᠢ 2015 ᠣᠨ ᠠᠴᠠ ᠨᠠᠭᠠᠰᠢᠬᠢ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ | ᠠᠵᠢᠯ ᠤᠨ ᠪᠠᠶᠢᠳᠠᠯ ᠢ ᠳ᠋ᠦᠩᠨᠡᠨ ᠰᠣᠯᠢᠯᠴᠠᠵᠤ᠂ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠠᠵᠢᠯ ᠳᠤ | ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠪᠠ ᠰᠢᠨ᠎ᠡ ᠱᠠᠭᠠᠷᠳᠠᠯᠭ᠎ᠠ ᠶᠢ ᠰᠤᠳᠤᠯᠤᠨ ᠵᠠᠳᠠᠯᠵᠤ᠂ ︽13·5︾ ᠤᠨ | ᠲᠦᠯᠦᠪᠵᠢᠭᠦᠯᠭᠡ ᠶᠢᠨ ᠬᠥᠭᠵᠢᠯᠲᠡ ᠶᠢᠨ ᠰᠡᠳᠭᠢᠮᠵᠢ ᠶᠢ ᠰᠦᠪᠡᠭᠴᠢᠯᠡᠨ ᠰᠣᠳᠤᠯᠵᠤ᠂ ᠡᠨᠡ ᠵᠢᠯ ᠤᠨ | ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠤᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ︽13·5︾ ᠶᠢᠨ ᠬᠤᠭᠤᠴᠠᠭᠠᠨ ᠳᠤ ᠴᠡᠷᠢᠭ ᠤᠨ ᠠᠮᠤ | ᠬᠦᠨᠡᠰᠦ ᠶᠢᠨ ᠬᠠᠩᠭᠠᠯᠭ᠎ᠠ ᠶᠢᠨ ᠬᠠᠮᠢᠶᠠᠷᠤᠯᠲᠠ ᠶᠢᠨ ᠠᠵᠢᠯ ᠨᠢ ᠰᠢᠨ᠎ᠡ ᠦᠰᠦᠷᠦᠯᠲᠡ ᠪᠠ ᠬᠥᠭᠵᠢᠯᠲᠡ ᠶᠢ | ᠪᠡᠶᠡᠯᠡᠭᠦᠯᠦᠨ᠂ ︽ᠢᠨᠲ᠋ᠧᠷ ᠰᠦᠯᠵᠢᠶ᠎ᠡ +︾ ᠶᠢᠨ ᠰᠡᠳᠬᠢᠬᠦᠶ ᠪᠠᠨ ᠴᠢᠩᠭᠠᠳᠬᠠᠵᠤ᠂ ᠨᠡᠬᠡᠬᠡᠯᠲᠡ ᠬᠢᠵᠦ ᠰᠢᠨ᠎ᠡ ᠶᠢ | ᠡᠭᠦᠳᠦᠨ᠂ ᠢᠳᠡᠪᠬᠢᠲᠡᠶ ᠠᠵᠢᠯᠯᠠᠵᠤ᠂ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠠᠵᠢᠯ ᠦᠢᠯᠡᠰ ᠤᠨ | ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠵᠢᠴᠢ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠤᠳᠤᠷᠢᠳᠤᠯᠭ᠎ᠠ ᠪᠠᠨ ᠴᠢᠩᠭᠠᠳᠬᠠᠵᠤ᠂ ᠴᠡᠷᠢᠭ ᠤᠨ | ᠠᠮᠤ ᠬᠦᠨᠡᠰᠦ ᠶᠢᠨ ᠬᠠᠩᠭᠠᠯᠭ᠎ᠠ ᠶᠢ ᠦᠨᠡᠨᠬᠦ ᠪᠠᠲᠤᠯᠠᠬᠤ ᠬᠡᠷᠡᠭᠲᠡᠢ︔ ᠠᠵᠠ ᠲᠣᠬᠢᠶᠠᠯ ᠢ ᠠᠮᠵᠢᠨ᠂ ᠨᠤᠷᠠᠬᠤ | ᠠᠶᠤᠯᠲᠠᠶ ᠪᠤᠶᠤ ᠬᠠᠭᠤᠴᠢᠨ ᠬᠥᠮᠥᠷᠭᠡ ᠶᠢ ︵ᠴᠡᠷᠢᠭ ᠤᠨ ᠬᠦᠨᠡᠰᠦ ᠶᠢᠨ ᠲᠤᠰᠬᠠᠶ ᠵᠦᠢᠯ︶ ᠰᠡᠯᠪᠢᠨ ᠵᠠᠰᠠᠵᠤ | ᠦᠭᠡᠷᠡᠴᠢᠯᠡᠬᠦ ᠠᠵᠢᠯ ᠢ ᠲᠥᠷᠭᠡᠳᠬᠡᠨ ᠠᠬᠢᠭᠤᠯᠵᠤ᠂ ᠬᠠᠮᠢᠶᠠᠷᠤᠯᠲᠠ ᠪᠠᠨ ᠴᠢᠩᠭᠠᠳᠬᠠᠨ᠂ ᠴᠡᠷᠢᠭ ᠤᠨ ᠠᠮᠤ | ᠬᠦᠨᠡᠰᠦ ᠶᠢᠨ ᠬᠠᠩᠭᠠᠯᠭ᠎ᠠ ᠶᠢ ᠪᠠᠲᠤᠯᠠᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ︔ ᠨᠡᠬᠡᠬᠡᠯᠲᠡ ᠬᠢᠵᠦ ᠰᠢᠨ᠎ᠡ ᠶᠢ | ᠡᠭᠦᠳᠴᠦ᠂ ᠴᠡᠷᠢᠭ ᠠᠷᠠᠳ ᠤᠨ ᠤᠶᠠᠯᠳᠤᠯ ᠤᠨ ᠭᠦᠨᠵᠡᠭᠡᠶᠢᠷᠡᠨ ᠬᠦᠭᠵᠢᠬᠦ ᠶᠢ ᠶᠡᠬᠡᠪᠡᠷ ᠠᠬᠢᠭᠤᠯᠬᠤ ᠬᠡᠷᠡᠭᠲᠡᠶ︔ | ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠵᠤ᠂ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ | ᠦᠢᠯᠡᠴᠢᠯᠡᠭᠡᠨ ᠤ ᠬᠢᠷᠢ ᠲᠥᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ︔ ᠢᠳᠡᠪᠬᠢᠲᠡᠢ ᠪᠠᠷ ᠠᠵᠢᠯᠯᠠᠨ᠂ ᠤᠯᠤᠰ | ᠲᠦᠷᠦ ᠶᠢᠨ ᠲᠠᠯ᠎ᠠ ᠪᠠᠷ ᠬᠢᠷᠢ ᠲᠡᠩᠴᠡᠭᠰᠡᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ | ᠰᠢᠯᠢᠳᠡᠭ ᠨᠢᠭᠡᠨ ᠰᠠᠯᠠᠠᠭ ᠬᠠᠩᠭᠠᠯᠭ᠎ᠠ ᠶᠢᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠪᠡ᠃ | ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ ᠠᠵᠢᠯ ᠪᠣᠯ ᠨᠢᠭᠡ ᠵᠦᠢᠯ ᠤᠨ ᠠᠵᠤ ᠠᠬᠤᠶ ᠶᠢᠨ | ᠴᠢᠬᠤᠯᠠ ᠠᠵᠢᠯ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡ ᠵᠦᠢᠯ ᠤᠨ ᠲᠥᠪ ᠴᠢᠩᠭ᠎ᠠ ᠤᠯᠤᠰ ᠲᠦᠷᠦ ᠶᠢᠨ | ᠡᠭᠦᠷᠭᠡ ᠮᠥᠨ᠃ ᠦᠬᠠᠶ ᠬᠤᠳᠠ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠪᠠ ᠴᠡᠷᠢᠭ ᠠᠷᠠᠳ ᠤᠨ | ᠤᠶᠠᠯᠳᠤᠯ ᠤᠨ ᠭᠦᠨᠵᠡᠭᠡᠶᠢᠷᠡᠨ ᠬᠦᠭᠵᠢᠬᠦ ᠶᠢ ᠲᠠᠰᠤᠷᠠᠯᠳᠠ ᠦᠭᠡᠢ ᠲᠦᠷᠭᠡᠳᠬᠡᠨ ᠠᠬᠢᠭᠤᠯᠵᠤ᠂ ᠦᠢᠯᠡᠴᠢᠯᠡᠬᠦ | ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠴᠡᠷᠢᠭ ᠤᠨ ᠠᠮᠤ ᠬᠦᠨᠡᠰᠦ ᠶᠢᠨ ᠲᠦᠷᠦᠯ ᠵᠦᠢᠯ ᠢ ᠡᠯᠪᠡᠭᠵᠢᠭᠦᠯᠵᠦ᠂ | ᠴᠡᠷᠢᠭ ᠤᠨ ᠠᠮᠤ ᠬᠦᠨᠡᠰᠦ ᠶᠢᠨ ᠶᠠᠰᠤ ᠴᠢᠨᠠᠷ ᠢ ᠳᠣᠪᠤᠶᠢᠯᠭᠠᠨ᠂ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ | ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ | ᠵᠠᠰᠠᠭ ᠤᠨ ᠣᠷᠳᠣᠨ ᠠᠴᠠ ᠴᠢᠬᠤᠯᠠᠴᠢᠯᠠᠨ ᠳᠡᠮᠵᠢᠵᠦ᠂ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠱᠠᠳᠤ | ᠱᠠᠳᠤ ᠪᠠᠷ ᠴᠢᠩᠭ᠎ᠠ ᠨᠠᠶᠢᠳᠠᠪᠤᠷᠢᠵᠢᠭᠤᠯᠤᠭᠰᠠᠨ ︽ᠶᠡᠭᠡ ᠴᠡᠷᠢᠭ ᠤᠨ ᠬᠦᠨᠡᠰᠦ︾ ᠶᠢᠨ ᠬᠠᠩᠭᠠᠯᠭ᠎ᠠ ᠶᠢᠨ ᠠᠵᠢᠯ ᠤᠨ | ᠰᠠᠶᠢᠨ ᠲᠣᠭᠲᠠᠴᠠ ᠶᠢ ᠢᠳᠡᠭ ᠢᠳᠡᠭ ᠢᠶᠠᠷ ᠪᠣᠢ ᠪᠣᠯᠭᠠᠵᠤ᠂ ᠴᠡᠷᠢᠭ ᠤᠨ ᠠᠮᠤ ᠬᠦᠨᠡᠰᠦ ᠶᠢᠨ ᠬᠠᠩᠭᠠᠯᠭ᠎ᠠ ᠶᠢᠨ | ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠠᠭᠤᠰᠤᠯᠴᠠᠭᠤᠯᠤᠭᠰᠠᠨ ᠪᠠᠶᠢᠨ᠎ᠠ᠃ | ᠬᠤᠷᠠᠯ ᠳᠤ ᠣᠷᠣᠯᠴᠠᠭᠰᠠᠳ ᠪᠠᠰᠠ ᠦᠬᠠᠶ ᠬᠤᠳᠠ ᠶᠢᠨ ᠶᠤᠸᠠᠨ ᠯᠢᠶᠠᠨ ᠢᠳᠡᠭᠡᠨ ᠤ ᠦᠢᠯᠡᠳᠪᠦᠷᠢ᠂ | ᠦᠬᠠᠶ ᠬᠤᠳᠠ ᠶᠢᠨ ᠨᠢᠭᠡᠳᠦᠭᠡᠷ ᠠᠮᠤ ᠪᠤᠳᠠᠭᠠᠨ ᠤ ᠬᠥᠮᠥᠷᠭᠡ ᠵᠡᠷᠭᠡ ᠭᠠᠵᠠᠷ ᠢ ᠲᠣᠭᠤᠷᠢᠨ ᠦᠵᠡᠪᠡ᠃ |