ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠪᠦᠬᠦ ᠤᠷᠤᠨ ᠤ ᠴᠠᠭ ᠠᠭᠤᠷ ᠤᠨ ᠭᠠᠮᠰᠢᠭ ᠢ ᠰᠡᠷᠬᠡᠶᠢᠯᠡᠬᠦ ᠠᠵᠢᠯ ᠤᠨ ᠲᠧᠯᠸᠢᠰ ᠤᠳᠠᠰᠤ ᠬᠤᠷᠠᠯ ᠢ ᠬᠤᠷᠠᠯᠳᠤᠭᠤᠯᠵᠤ  ᠸᠠᠩ ᠢᠤᠢ ᠮᠢᠩ ᠴᠠᠭ ᠠᠭᠤᠷ ᠤᠨ ᠭᠠᠮᠰᠢᠭ ᠢ ᠰᠡᠷᠬᠡᠶᠢᠯᠡᠬᠦ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2016/6/21
     6 ᠳ᠋ᠤᠭᠠᠷ ᠰᠠᠷ᠎ᠡ ᠶᠢᠨ 17᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠪᠦᠬᠦ ᠤᠷᠤᠨ ᠤ ᠴᠠᠭ ᠠᠭᠤᠷ ᠤᠨ ᠭᠠᠮᠰᠢᠭ ᠢ ᠰᠡᠷᠬᠡᠶᠢᠯᠡᠬᠦ ᠠᠵᠢᠯ ᠤᠨ ᠲᠧᠯᠸᠢᠰ ᠤᠳᠠᠰᠤ ᠬᠤᠷᠠᠯ ᠢ ᠬᠤᠷᠠᠯᠳᠤᠭᠤᠯᠵᠤ᠂ ᠤᠳᠤᠬᠠᠨ ᠤ ᠪᠠᠶᠢᠳᠠᠯ ᠢ ᠵᠠᠳᠠᠯᠤᠨ᠂ ᠡᠨᠡ ᠵᠢᠯ ᠤᠨ ᠴᠠᠭ ᠠᠭᠤᠷ ᠤᠨ ᠭᠠᠮᠰᠢᠭ ᠢ ᠰᠡᠷᠬᠡᠶᠢᠯᠡᠬᠦ ᠠᠵᠢᠯ ᠢᠶᠠᠨ ᠪᠦᠬᠦ ᠲᠠᠯ᠎ᠡ ᠪᠠᠷ ᠪᠠᠶᠢᠷᠢᠯᠠᠭᠤᠯᠵᠡᠢ᠃      ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠢᠤᠢ ᠮᠢᠩ ᠬᠤᠷᠠᠯ ᠳᠤ ᠤᠷᠤᠯᠴᠠᠨ ᠶᠠᠷᠢᠶ᠎ᠡ ᠲᠠᠯᠪᠢᠪᠡ᠃      ᠬᠤᠷᠠᠯ ᠠᠴᠠ ᠦᠡᠭᠭᠡᠷᠡᠭᠰᠡᠨ ᠵᠢᠯ ᠤᠨ ᠠᠵᠢᠯ ᠢ ᠳ᠋ᠦᠡᠭᠨᠡᠬᠦ ᠳᠡᠭᠡᠨ᠂ ︽ᠵᠠᠰᠠᠭ ᠤᠨ ᠤᠷᠳᠤᠨ ᠤᠳᠤᠷᠢᠳᠤᠨ᠂ ᠡᠯ᠎ᠡ ᠰᠠᠯᠠᠭ᠎ᠠ ᠮᠦᠴᠢᠷ ᠬᠤᠯᠪᠤᠭᠠᠯᠠᠨ ᠬᠦᠳᠡᠯᠤᠯᠴᠡᠵᠤ᠂ ᠨᠡᠶᠢᠬᠡᠮ ᠨᠡᠶᠢᠳᠡ ᠪᠠᠷ ᠢᠶᠠᠨ ᠤᠷᠤᠯᠴᠠᠬᠤ︾ ᠮᠠᠨ ᠤ ᠤᠷᠤᠨ ᠤ ᠴᠠᠭ ᠠᠭᠤᠷ ᠤᠨ ᠭᠠᠮᠰᠢᠭ ᠢ ᠰᠡᠷᠬᠡᠶᠢᠯᠡᠵᠤ ᠭᠠᠮᠰᠢᠭ ᠢ ᠪᠠᠭᠠᠰᠬᠠᠬᠤ ᠠᠵᠢᠯ ᠤᠨ ᠲᠤᠬᠳᠠᠴᠡ ᠤᠯᠠᠮ ᠨᠢᠬᠡ ᠠᠯᠬᠤᠮ ᠲᠡᠬᠦᠯᠳᠡᠷᠵᠢᠪᠡ︔ ᠰᠠᠯᠠᠭ᠎ᠠ ᠮᠦᠴᠢᠷ ᠬᠠᠮᠳᠤᠷᠠᠨ᠂ ᠡᠬᠢ ᠪᠠᠶᠠᠯᠢᠭ ᠢ ᠬᠠᠮᠳᠤ ᠪᠠᠷ ᠡᠳ᠋ᠯᠡᠨ᠂ ᠪᠠᠴᠢᠮ ᠪᠠᠶᠢᠳᠠᠯ ᠢ ᠬᠠᠮᠳᠤ ᠪᠠᠷ ᠠᠷᠭᠠᠴᠠᠬᠤ ᠲᠠᠯ᠎ᠡ ᠪᠠᠷ ᠲᠠᠰᠤᠷᠠᠯᠳᠡ ᠦᠬᠡᠢ ᠴᠢᠩᠭᠠᠷᠠᠵᠠᠢ︔ ᠶᠡᠷᠤᠩᠬᠡᠶᠢᠯᠡᠨ ᠬᠢᠨᠠᠨ ᠬᠡᠮᠵᠢᠵᠤ᠂ ᠤᠷᠢᠳᠴᠢᠯᠠᠨ ᠮᠡᠳᠡᠬᠡᠯᠡᠬᠦ ᠤᠷᠢᠳᠴᠢᠯᠡᠨ ᠰᠡᠷᠡᠮᠵᠢᠯᠡᠬᠦᠯᠬᠦ᠂ ᠮᠡᠳᠡᠭᠡ ᠵᠠᠩᠬᠢ ᠶᠢ ᠨᠡᠶᠢᠳᠡᠯᠡᠬᠦ ᠵᠡᠷᠬᠡ ᠴᠠᠭ ᠠᠭᠤᠷ ᠤᠨ ᠭᠠᠮᠰᠢᠭ ᠢ ᠰᠡᠷᠬᠡᠶᠢᠯᠡᠬᠦ ᠪᠠᠳᠤᠯᠠᠭ᠎ᠠ ᠶᠢᠨ ᠴᠢᠳᠠᠪᠤᠷᠢ ᠢᠯᠡᠷᠬᠡᠢ ᠲᠡᠭᠡᠭᠰᠢᠯᠡᠪᠡ ᠭᠡᠵᠡᠢ᠃      ᠬᠤᠷᠠᠯ ᠠᠴᠠ ᠴᠢᠬᠤᠯᠠᠴᠢᠯᠠᠬᠰᠠᠨ ᠨᠢ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠨᠢ ᠤᠳᠤᠬᠠᠨ ᠤ ᠪᠠᠶᠢᠳᠠᠯ ᠢ ᠵᠦᠪ ᠲᠠᠨᠢᠵᠤ᠂ ᠬᠠᠷᠢᠭᠤᠴᠠᠯᠭᠠᠳᠤ ᠰᠡᠳᠬᠢᠯᠬᠡ ᠪᠡ ᠪᠠᠴᠢᠮ ᠲᠤᠯᠭᠠᠮ᠎ᠡ ᠰᠡᠳᠬᠢᠯᠬᠡ ᠪᠠᠨ ᠦᠨᠡᠨᠬᠦ ᠴᠢᠩᠭᠠᠳᠬᠠᠵᠤ᠂ ᠴᠠᠭ ᠠᠭᠤᠷ ᠤᠨ ᠦᠢᠯᠡᠴᠢᠯᠡᠭᠡ ᠪᠡ ᠪᠠᠳᠤᠯᠠᠭ᠎ᠠ ᠬᠠᠩᠭᠠᠬᠤ ᠴᠢᠳᠠᠪᠤᠷᠢ ᠶᠢᠨ ᠪᠠᠶᠢᠭᠤᠯᠤᠯᠳᠡ ᠶᠢ ᠪᠦᠬᠦ ᠲᠠᠯ᠎ᠡ ᠪᠠᠷ ᠠᠬᠢᠭᠤᠯᠵᠤ᠂ ᠴᠠᠭᠳᠤ ᠴᠢᠨᠡᠷ ᠢᠶᠠᠨ ᠴᠢᠩᠭᠠᠳᠬᠠᠵᠤ᠂ ᠬᠠᠮᠤᠷᠬᠤ ᠬᠡᠪᠴᠢᠶ᠎ᠡ ᠪᠠᠨ ᠦᠷᠭᠡᠳᠭᠡᠬᠦ ᠬᠡᠷᠡᠭᠳᠠᠢ︔ ᠭᠤᠤᠯᠳᠠᠯᠭ᠎ᠠ ᠲᠠᠢ ᠭᠠᠵᠡᠷ ᠤᠷᠤᠨ ᠤ ᠴᠠᠭ ᠠᠭᠤᠷ ᠤᠨ ᠭᠠᠮᠰᠢᠭ ᠢ ᠰᠡᠷᠬᠡᠶᠢᠯᠡᠬᠦ ᠪᠡ ᠴᠠᠭ ᠠᠭᠤᠷ ᠤᠨ ︽ᠮᠠᠯᠵᠢᠬᠤ ᠲᠠᠷᠢᠶᠠᠯᠠᠬᠤ ᠤᠷᠤᠨ᠂ ᠮᠠᠯ ᠠᠵᠤ ᠠᠬᠤᠢ ᠲᠠᠷᠢᠶᠠᠯᠠᠩ᠂ ᠮᠠᠯᠴᠢᠨ ᠲᠠᠷᠢᠶᠠᠴᠢᠨ︾᠎ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠳᠡ ᠦᠬᠡᠢ ᠲᠡᠬᠡᠭᠰᠢᠯᠡᠬᠦᠯᠬᠦ ᠬᠡᠷᠡᠭᠳᠡᠢ︔ ᠰᠢᠨᠵᠢᠯᠡᠬᠦ ᠤᠬᠠᠭᠠᠨᠴᠢ ᠪᠠᠷ ᠵᠢᠭᠠᠨ ᠵᠢᠯᠤᠭᠤᠳᠴᠤ᠂ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠡ ᠶᠢᠨ ᠪᠦᠳᠦᠴᠡ ᠶᠢᠨ ᠲᠤᠬᠢᠷᠠᠭᠤᠯᠤᠯᠳᠡ ᠬᠢᠬᠦ ᠳᠤ ᠬᠦᠢᠴᠡᠳ ᠦᠢᠯᠡᠴᠢᠯᠡᠭᠡ ᠬᠠᠩᠭᠠᠬᠤ ᠬᠡᠷᠡᠭᠳᠡᠢ︔ ᠤᠳᠤᠷᠢᠳᠤᠯᠭ᠎ᠠ ᠪᠠᠨ ᠴᠢᠩᠭᠠᠳᠬᠠᠨ᠂ ᠡᠬᠦᠷᠬᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠨᠡ ᠵᠢᠯ ᠤᠨ ᠴᠠᠭ ᠠᠭᠤᠷ ᠤᠨ ᠭᠠᠮᠰᠢᠭ ᠢ ᠰᠡᠷᠬᠡᠶᠢᠯᠡᠬᠦ ᠡᠯ᠎ᠡ ᠲᠠᠯ᠎ᠡ ᠶᠢᠨ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠤ᠂ ᠪᠦᠬᠦ ᠤᠷᠤᠨ ᠤ ᠠᠵᠤ ᠠᠬᠤᠢ ᠨᠡᠶᠢᠬᠡᠮ ᠤᠨ ᠲᠤᠬᠳᠠᠭᠤᠨ ᠬᠦᠭᠵᠢᠯᠳᠡ ᠳᠤ ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ ᠬᠡᠪᠡ᠃      ᠬᠤᠷᠠᠯ ᠳᠤ ᠬᠦᠯᠦᠨ ᠪᠤᠶᠢᠷ ᠬᠤᠳᠡ ᠪᠤᠯᠤᠨ ᠲᠦᠩᠯᠢᠶᠤᠤ ᠬᠤᠳᠡ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠴᠠᠭ ᠠᠭᠤᠷ ᠤᠨ ᠭᠠᠮᠰᠢᠭ ᠢ ᠰᠡᠷᠬᠡᠶᠢᠯᠡᠵᠤ ᠭᠠᠮᠰᠢᠭ ᠢ ᠪᠠᠭᠠᠰᠬᠠᠬᠤ ᠠᠵᠢᠯ ᠤᠨ ᠲᠤᠬᠠᠢ ᠲᠤᠷᠰᠢᠯᠭ᠎ᠠ ᠪᠠᠨ ᠰᠤᠯᠢᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号