ᠬᠢᠩᠭᠠᠨ ᠠᠶᠢᠮᠠᠭ ᠤᠨ ᠨᠣᠮ ᠤᠨ ᠰᠠᠩ ᠰᠣᠯᠣᠩᠭᠤᠰ ᠦᠨᠳᠦᠰᠦᠲᠡᠨ ᠤ ᠤᠨᠴᠠᠯᠢᠭᠳᠤ ᠨᠣᠮ ᠤᠨ ᠦᠷᠦᠬᠡ ᠶᠢ ᠪᠠᠶᠢᠭᠤᠯᠪᠠ
ᠨᠡᠶᠢᠲᠡᠯᠡᠭᠰᠡᠨ ᠴᠠᠭ᠄
2016/6/21
     ᠰᠣᠶᠣᠯ ᠤᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠵᠤ᠂ ᠪᠦᠬᠦ ᠠᠶᠢᠮᠠᠭ ᠤᠨ ᠭᠠᠴᠠᠭ᠎ᠠ ᠲᠣᠰᠬᠤᠨ ᠢ ︽ᠲᠠᠯ᠎ᠠ ᠨᠤᠲᠤᠭ ᠤᠨ ᠨᠣᠮ ᠤᠨ ᠥᠷᠥᠭᠡ︾᠎ ᠪᠠᠷ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠶᠢᠨ ᠲᠤᠰᠠᠳᠠ᠂ 6 ᠳ᠋ᠤᠭᠠᠷ ᠰᠠᠷ᠎ᠠ ᠶᠢᠨ 16᠎ ᠤ ᠡᠳᠦᠷ᠂ ᠬᠢᠩᠭᠠᠨ ᠠᠶᠢᠮᠠᠭ ᠤᠨ ᠨᠣᠮ ᠤᠨ ᠰᠠᠩ ᠠᠴᠠ ᠵᠠᠷᠤᠳ ᠬᠤᠰᠢᠭᠤᠨ ᠤ ᠢᠨᠳᠡᠷ ᠪᠠᠯᠭᠠᠰᠤ ᠶᠢᠨ ᠰᠢᠶᠠᠨ ᠭᠤᠸᠠᠩ ᠭᠠᠴᠠᠭ᠎ᠠ ᠳᠤ ᠰᠣᠯᠣᠩᠭᠤᠰ ᠦᠨᠳᠦᠰᠦᠲᠡᠨ ᠤ ᠣᠨᠴᠠᠯᠢᠭ ᠢᠶᠠᠷ ᠰᠡᠳᠦᠪᠯᠡᠭᠰᠡᠨ ︽ᠲᠠᠯ᠎ᠠ ᠨᠤᠲᠤᠭ ᠤᠨ ᠨᠣᠮ ᠤᠨ ᠥᠷᠥᠭᠡ︾᠎ ᠶᠢ ᠪᠠᠶᠢᠭᠤᠯᠪᠠ᠃ ᠠᠩᠬ᠎ᠠ ᠤᠳᠠᠭ᠎ᠠ ᠳᠤ 500 ᠭᠠᠷᠤᠢ ᠲᠣᠭᠲᠠᠮᠠᠯ ᠪᠤᠰᠤ ᠨᠣᠮ ᠪᠢᠴᠢᠭ ᠣᠷᠣᠭᠤᠯᠵᠤ᠂ ᠣᠯᠠᠩᠬᠢ ᠨᠢ ᠰᠣᠯᠣᠩᠭᠤᠰ ᠬᠡᠯᠡ ᠪᠠᠷ ᠨᠠᠶᠢᠷᠠᠭᠤᠯᠤᠨ ᠪᠢᠴᠢᠭᠳᠡᠭᠰᠡᠨ ᠰᠣᠯᠣᠩᠭᠤᠰ ᠦᠨᠳᠦᠰᠦᠲᠡᠨ ᠤ ᠲᠡᠦᠬᠡ ᠰᠣᠶᠣᠯ᠂ ᠰᠣᠯᠣᠩᠭᠤᠰ ᠦᠨᠳᠦᠰᠦᠲᠡᠨ ᠤ ᠵᠠᠩ ᠦᠢᠯᠡ᠂ ᠰᠣᠯᠣᠩᠭᠤᠰ ᠦᠨᠳᠦᠰᠦᠲᠡᠨ ᠤ ᠤᠳᠬ᠎ᠠ ᠤᠷᠠᠯᠢᠭ᠂ ᠰᠣᠯᠣᠩᠭᠤᠰ ᠦᠨᠳᠦᠰᠦᠲᠡᠨ ᠤ ᠪᠠᠭᠠᠴᠤᠳ ᠬᠡᠦᠬᠡᠳ ᠲᠤ ᠵᠣᠷᠢᠭᠤᠯᠤᠭᠰᠠᠨ ᠤᠩᠰᠢᠬᠤ ᠪᠢᠴᠢᠭ ᠵᠢᠴᠢ ᠡᠳᠦᠷ ᠲᠣᠳᠣᠮ ᠤᠨ ᠠᠮᠢᠳᠤᠷᠠᠯ ᠳᠤ ᠨᠢᠭᠲᠠ ᠬᠤᠯᠪᠣᠭᠳᠠᠬᠤ ᠶᠡᠷᠦᠩᠬᠡᠶᠢᠯᠡᠭᠰᠡᠨ ᠴᠢᠨᠠᠷᠲᠠᠶ ᠨᠣᠮ ᠪᠢᠴᠢᠭ ᠤᠳ ᠪᠣᠯᠣᠨ᠎ᠠ᠃ ᠡᠨᠡ ᠤᠳᠠᠭ᠎ᠠ ᠶᠢᠨ ᠲᠣᠭᠲᠠᠮᠠᠯ ᠪᠤᠰᠤ ᠨᠣᠮ ᠪᠢᠴᠢᠭ ᠲᠤ ᠪᠠᠰᠠ ᠨᠢᠭᠡ ᠪᠦᠯᠦᠭ ᠮᠣᠩᠭᠤᠯ ᠪᠠ ᠬᠢᠲᠠᠳ ᠬᠡᠯᠡᠨ ᠤ ᠨᠣᠮ ᠪᠢᠴᠢᠭ ᠤᠳ ᠪᠠᠭᠲᠠᠵᠤ᠂ ᠲᠤᠬᠠᠶ ᠶᠢᠨ ᠭᠠᠵᠠᠷ ᠤᠨ ᠰᠣᠯᠣᠩᠭᠤᠰ ᠦᠨᠳᠦᠰᠦᠲᠡᠨ ᠵᠢᠴᠢ ᠮᠣᠩᠭᠤᠯ᠂ ᠬᠢᠲᠠᠳ ᠦᠨᠳᠦᠰᠦᠲᠡᠨ ᠤ ᠺᠠᠳ᠋ᠷ ᠣᠯᠠᠨ ᠲᠦᠮᠡᠨ ᠤ ᠰᠤᠷᠤᠯᠴᠠᠬᠤ ᠪᠠ ᠠᠮᠢᠳᠤᠷᠠᠯ ᠳᠤ ᠴᠣ ᠰᠢᠨ᠎ᠡ ᠯᠠᠪᠯᠠᠯᠲᠠ ᠶᠢᠨ ᠮᠠᠲ᠋ᠧᠷᠢᠶᠠᠯ ᠠᠪᠴᠢᠷᠠᠵᠤ᠂ ᠭᠠᠴᠠᠭᠠᠨ ᠤ ᠠᠷᠠᠳ ᠤᠨ ᠨᠣᠮ ᠤᠩᠰᠢᠬᠤ ᠢᠳᠡᠪᠬᠢᠵᠢᠯ ᠢ ᠲᠦᠢᠯ ᠤᠨ ᠶᠡᠬᠡᠪᠡᠷ ᠲᠦᠯᠬᠢᠨ ᠠᠬᠢᠭᠤᠯᠵᠤ᠂ ᠠᠷᠠᠳ ᠤᠯᠠᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠶᠣᠰᠣ ᠮᠣᠷᠠᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号