ᠦᠪᠡᠷᠲᠡᠭᠡᠡ ᠵᠠᠰᠠᠬᠤ ᠤᠷᠤᠨ ᠤ ᠵᠠᠰᠠᠭ ᠤᠨ ᠤᠷᠲᠤᠨ ᠤ 71 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/6/22
      6 ᠳ᠋ᠤᠭᠠᠷ ᠰᠠᠷ᠎ᠠ ᠶᠢᠨ 21᠎ ᠤ ᠦᠲᠡ ᠶᠢᠨ ᠡᠮᠦᠨ᠎ᠠ᠂ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠲᠡᠭᠡᠡ ᠵᠠᠰᠬᠠᠤ ᠤᠷᠤᠨ ᠤ ᠤᠷᠤᠯᠠᠭᠴᠢ ᠲᠡᠷᠢᠭᠦᠯᠡᠭᠴᠢ ᠪᠦ᠋ ᠰᠢᠶᠤᠤ ᠯᠢᠨ ᠦᠪᠡᠷᠲᠡᠭᠡᠡ ᠵᠠᠰᠬᠠᠤ ᠤᠷᠤᠨ ᠤ ᠵᠠᠰᠠᠭ ᠤᠨ ᠤᠷᠲᠤᠨ ᠤ ᠪᠠᠶᠢᠩᠭᠤ ᠶᠢᠨ ᠬᠤᠷᠠᠯ ᠢ ᠡᠷᠬᠢᠯᠡᠡ ᠬᠤᠷᠠᠯᠲᠤᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠪᠤᠯᠤᠨ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠠᠭᠠᠷᠲᠠᠯᠭ᠎ᠠ ᠶᠢ ᠤᠯᠠᠮᠵᠢᠯᠠᠵᠦ᠂ ᠨᠡᠶᠢᠭᠡᠮ ᠤᠨ ᠲᠤᠭᠲᠠᠭᠤᠨ ᠪᠠᠶᠢᠲᠠᠯ ᠢ ᠬᠠᠮᠠᠭᠠᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠦ᠂ ︽ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠢ ᠠᠬᠢᠭᠤᠯᠵᠦ ᠲᠤᠲᠠᠭᠤᠲᠠᠯ ᠢ ᠨᠦᠬᠦᠪᠦᠷᠢᠯᠡᠬᠦ ᠠᠵᠢᠯ ᠢ ᠴᠢᠷᠮᠠᠶᠢᠨ ᠰᠠᠶᠢᠲᠤᠷ ᠬᠢᠬᠦ ᠲᠤᠬᠠᠢ ᠭᠡᠷᠡᠭᠵᠢᠭᠦᠯᠦᠯᠲᠠ ᠶᠢᠨ ᠲᠦᠰᠦᠯ︾ ︽ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠢ ᠠᠬᠢᠭᠤᠯᠵᠦ ᠬᠦᠰᠢᠬᠦᠷᠭᠡ ᠶᠢ ᠪᠠᠭᠠᠰᠬᠠᠬᠤ ᠠᠵᠢᠯ ᠢ ᠴᠢᠷᠮᠠᠶᠢᠨ ᠰᠠᠶᠢᠲᠤᠷ ᠬᠢᠬᠦ ᠲᠤᠬᠠᠢ ᠭᠡᠷᠡᠭᠵᠢᠭᠦᠯᠦᠯᠲᠡ ᠶᠢᠨ ᠲᠦᠰᠦᠯ︾ ︽ᠦᠪᠦᠷ ᠮᠤᠩᠭᠤᠯ ᠤᠨ ᠦᠪᠡᠷᠲᠡᠭᠡᠡ ᠵᠠᠰᠬᠠᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢ ᠬᠢᠨᠠᠠ ᠪᠠᠶᠢᠴᠠᠠᠭᠠᠬᠤ ᠠᠵᠢᠯ ᠤᠨ ᠲᠦᠰᠦᠯ︾ ︽ᠦᠪᠦᠷ ᠮᠤᠩᠭᠤᠯ ᠤᠨ ᠦᠪᠡᠷᠲᠡᠭᠡᠡ ᠵᠠᠰᠬᠠᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠢ ᠬᠢᠨᠠᠠ ᠪᠠᠶᠢᠴᠠᠭᠠᠬᠤ ᠰᠦᠯᠵᠢᠶ᠎ᠠ ᠶᠢᠨ ᠪᠠᠶᠢᠭᠤᠯᠤᠯᠲᠠ ᠶᠢᠨ ᠠᠵᠢᠯ ᠤᠨ ᠲᠦᠰᠦᠯ︾ ᠪᠤᠯᠤᠨ ︽ᠦᠪᠦᠷ ᠮᠤᠩᠭᠤᠯ ᠤᠨ ᠦᠪᠡᠷᠲᠡᠭᠡᠡ ᠵᠠᠰᠬᠠᠤ ᠤᠷᠤᠨ ᠤ ︿ᠤᠯᠤᠰ ᠤᠨ ᠰᠢᠨ᠎ᠠ ᠶᠢ ᠡᠭᠦᠳᠬᠦ ᠪᠠᠷ ᠬᠦᠲᠡᠯᠭᠡᠭᠦᠷ ᠪᠤᠯᠭᠠᠬᠤ ᠬᠦᠭᠵᠢᠯᠲᠠ ᠶᠢᠨ ᠪᠠᠶᠢᠯᠲᠤᠬᠤ ᠪᠤᠲᠤᠯᠭ᠎ᠠ ᠶᠢᠨ ᠬᠦᠲᠦᠯᠪᠦᠷᠢ﹀᠎ ᠶᠢ ᠲᠤᠤᠱᠯᠠᠭᠤᠯᠤᠨ ᠨᠠᠶᠢᠲᠠᠪᠤᠷᠢᠵᠢᠭᠤᠯᠬᠤ ᠭᠡᠷᠡᠭᠵᠢᠭᠦᠯᠦᠯᠲᠠ ᠶᠢᠨ ᠲᠦᠰᠦᠯ︾᠎ ᠢ ᠰᠤᠲᠤᠯᠵᠠᠢ᠃      ᠬᠤᠷᠠᠯ ᠳᠡᠭᠡᠷ᠎ᠡ᠂ ᠶᠠᠷᠦᠩᠬᠡᠢ ᠱᠦᠵᠢ ᠰᠢ ᠶᠢᠨ ᠫᠢᠩ ᠤᠨ ᠨᠠᠶᠢᠬᠡᠮ ᠤᠨ ᠳᠤᠬᠳᠠᠭᠤᠠ ᠢ ᠬᠠᠮᠠᠭᠠᠯᠠᠬᠤ ᠠᠵᠢᠯ ᠎ ᠤᠨ ᠳᠤᠬᠠᠢ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠪᠠ ᠦᠪᠡᠷᠳᠡᠬᠡᠡ ᠵᠠᠰᠠᠬᠤ ᠤᠷᠦᠠ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠤᠯᠠᠮᠵᠢᠯᠠᠵᠦ᠂ ᠳᠤᠤᠱᠯᠠᠭᠤᠯᠤᠠ ᠨᠠᠶᠢᠳᠠᠪᠤᠷᠢᠵᠢᠭᠤᠯᠬᠤ ᠪᠤᠳᠠᠳᠠᠢ ᠰᠠᠨᠠᠯ ᠳᠤᠷᠠᠳᠴᠠᠢ᠃ ᠬᠤᠷᠠᠯ ᠠᠴᠠ᠂ ᠡᠯ᠎ᠡ ᠭᠠᠵᠠᠷ ᠤᠷᠦᠠ᠂ ᠡᠯ᠎ᠠ ᠰᠠᠯᠠᠭ᠎ᠠ ᠮᠦᠴᠢᠷ ᠤᠨ ᠬᠢᠨ ᠶᠠᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠡ ᠦᠪᠡᠷᠳᠡᠬᠡᠡ ᠵᠠᠰᠠᠬᠤ ᠤᠷᠦᠠ ᠤ ᠱᠠᠭᠠᠷᠳᠠᠯᠭ᠎ᠠ ᠶᠤᠰᠤᠭᠠᠷ ᠨᠠᠶᠢᠬᠡᠮ ᠎ ᠤᠨ ᠡᠶ᠎ᠡ ᠵᠤᠬᠢᠴᠠᠯ ᠳᠤᠬᠳᠠᠭᠤᠠ ᠢ ᠬᠠᠮᠠᠭᠠᠯᠠᠬᠤ ᠠᠵᠢᠯ ᠢ ᠳᠡᠬᠡᠳᠦ ᠬᠡᠮᠵᠢᠶ᠎ᠠ ᠪᠠᠷ ᠴᠢᠬᠤᠯᠠᠴᠢᠯᠠᠠ ᠦᠵᠡᠵᠦ᠂ ᠤᠯᠥᠰ ᠳᠦᠷᠦ ᠶᠢᠨ ᠤᠬᠠᠮᠰᠠᠷ᠂ ᠰᠠᠨᠠᠭᠠᠰᠢᠷᠠᠬᠤ ᠤᠬᠠᠮᠰᠠᠷ ᠪᠡ ᠬᠠᠷᠢᠭᠤᠴᠠᠯᠭᠠᠳᠦ ᠤᠬᠠᠮᠰᠠᠷ ᠢᠶᠠᠨ ᠦᠨᠠᠨᠬᠦ ᠴᠢᠩᠭᠠᠳᠬᠠᠵᠦ᠂ ︽ᠬᠠᠷᠢᠶ᠎ᠠ ᠤᠷᠦᠠ ᠢᠶᠠᠷ ᠨᠢ ᠬᠠᠮᠢᠶᠠᠷᠬᠤ᠂ ᠱᠠᠳᠦ ᠬᠤᠪᠢᠶᠠᠠ ᠬᠠᠷᠢᠭᠤᠴᠠᠬᠤ︾ ᠪᠡ ︽ᠬᠡᠡ ᠭᠤᠤᠯᠯᠠᠠ ᠬᠠᠮᠢᠶᠠᠷᠪᠡᠯ ᠬᠡᠡ ᠬᠠᠷᠢᠭᠤᠴᠠᠬᠤ︾ ᠵᠠᠷᠴᠢᠮ ᠶᠤᠰᠤᠭᠠᠷ ᠵᠦᠷᠢᠴᠠᠯ ᠵᠢᠭᠤᠷᠠᠯᠳᠤᠭᠠᠠ ᠢ ᠵᠢᠬᠰᠠᠭᠠᠠ ᠪᠠᠶᠢᠴᠠᠭᠠᠵᠦ ᠨᠠᠮᠳᠠᠭᠤᠯᠬᠤ ᠠᠵᠢᠯ ᠢ ᠪᠦᠬᠦ ᠳᠠᠯ᠎ᠠ ᠪᠠᠷ ᠰᠠᠶᠢᠳᠦᠷ ᠠᠳᠬᠤᠬᠤ ᠬᠡᠷᠡᠭᠳᠡᠢ᠃ ᠡᠬᠢ ᠡᠬᠦᠰᠦᠯ ᠠᠴᠠ ᠨᠢ ᠵᠠᠰᠠᠬᠤ ᠡᠷᠴᠢᠮ ᠢᠶᠠᠨ ᠴᠢᠩᠭᠠᠷᠠᠭᠤᠯᠵᠦ᠂ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠶᠢᠨ ᠨᠠᠶᠢᠬᠡᠮ ᠤᠨ ᠳᠤᠬᠳᠠᠭᠤᠠ ᠪᠡ ᠳᠦᠭᠰᠢᠬᠦᠷᠢ ᠶᠢ ᠦᠨᠠᠯᠠᠬᠦ ᠳᠦᠷᠢᠮ ᠢ ᠨᠠᠶᠢᠳᠠᠪᠤᠷᠢᠵᠢᠭᠤᠯᠵᠦ᠂ ᠤᠠᠴᠠᠭᠠᠢᠢᠯᠠᠠ ᠤᠯᠠᠠ ᠳᠦᠮᠡᠡ ᠤ ᠠᠰᠢᠬ ᠳᠤᠰᠠ ᠳᠤ ᠬᠤᠯᠪᠤᠬᠳᠠᠬᠰᠠᠠ ᠰᠢᠢᠳᠪᠤᠷᠢᠳᠦ ᠪᠤᠳᠤᠯᠭ᠎ᠠ ᠳᠤᠬᠳᠠᠭᠠᠬᠤ ᠳᠠᠭᠠᠨ ᠪᠤᠯᠭᠤᠮᠵᠢᠳᠠᠢ ᠨᠠᠶᠢᠳᠠᠪᠤᠷᠢᠳᠠᠢ ᠪᠠᠶᠢᠵᠦ᠂ ᠬᠠᠤᠯᠢ ᠪᠠᠷ ᠡᠰᠢ ᠪᠠᠷᠢᠮᠳᠠ ᠪᠤᠯᠭᠠᠵᠦ᠂ ᠰᠢᠢᠳᠪᠤᠷᠢᠳᠦ ᠪᠤᠳᠤᠯᠭ᠎ᠠ ᠳᠤᠬᠳᠠᠭᠠᠬᠰᠠᠠ ᠨᠢ ᠵᠤᠬᠢᠰ ᠦᠬᠡᠢ ᠠᠴᠠ ᠪᠤᠯᠵᠦ ᠤᠯᠠᠠ ᠳᠦᠮᠡᠡ ᠤ ᠠᠰᠢᠬ ᠳᠤᠰᠠ ᠶᠢ ᠬᠤᠬᠢᠷᠠᠭᠤᠯᠬᠤ᠂ ᠨᠠᠶᠢᠬᠡᠮ ᠤᠨ ᠵᠦᠷᠢᠴᠠᠯ ᠭᠠᠷᠭᠠᠬᠤ ᠶᠢ ᠰᠠᠷᠬᠡᠶᠢᠯᠡᠬᠦ ᠬᠡᠷᠡᠭᠳᠡᠢ᠃ ᠤᠯᠠᠠ ᠨᠠᠶᠢᠳᠠ ᠳᠤ ᠴᠠᠬ ᠳᠤᠬᠠᠢ ᠳᠤᠨᠢ ᠮᠡᠳᠡᠭᠡ ᠵᠡᠩᠬᠢ ᠨᠠᠶᠢᠳᠠᠯᠠᠵᠦ᠂ ᠨᠠᠶᠢᠬᠡᠮ ᠤᠨ ᠬᠢᠨ ᠤ ᠬᠠᠯᠠᠮᠵᠢᠯᠠᠠ ᠠᠩᠬᠠᠷᠴᠦ ᠪᠠᠶᠢᠭ᠎ᠠ ᠵᠦᠢᠯ ᠳᠤ ᠬᠠᠷᠢᠭᠤ ᠦᠭᠴᠦ᠂ ᠨᠠᠶᠢᠬᠡᠮ ᠤᠨ ᠶᠠᠷᠢᠶ᠎ᠠ ᠬᠡᠯᠡᠯᠴᠡᠭᠡ ᠶᠢ ᠬᠦᠳᠦᠯᠦᠡ ᠵᠢᠯᠥᠭᠤᠳᠴᠦ ᠪᠠᠶᠢᠭᠠᠳ ᠬᠡᠨᠡᠳᠳᠡ ᠡᠬᠦᠰᠦᠭᠰᠠᠡ ᠬᠡᠷᠡᠭ᠂ ᠤᠯᠠᠠ ᠳᠦᠮᠠᠠᠴᠢ ᠴᠢᠨᠠᠷ ᠲᠠᠢ ᠭᠡᠷᠡᠭ ᠢ ᠵᠤᠬᠢᠰᠳᠠᠢ ᠰᠢᠢᠳᠪᠤᠷᠢᠯᠡᠬᠦ ᠬᠡᠷᠡᠭᠳᠡᠢ ᠬᠡᠵᠦ ᠱᠠᠭᠠᠷᠳᠠᠵᠡᠢ᠃      ᠬᠤᠷᠠᠯ ᠠᠴᠠ ᠦᠵᠡᠬᠦ ᠳᠡᠭᠡᠨ᠂ ᠬᠠᠩᠭᠠᠯᠭ᠎ᠠ ᠶᠢᠨ ᠳᠡᠯ᠎ᠠ ᠶᠢᠨ ᠪᠦᠳᠦᠴᠠ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠦ᠂ ᠦᠪᠡᠷ ᠤᠨ ᠦᠷᠳᠡᠭ ᠢ ᠪᠠᠭᠤᠷᠠᠭᠤᠯᠬᠤ᠂ ᠳᠤᠳᠠᠭᠤᠳᠠᠯ ᠢ ᠨᠦᠬᠦᠪᠦᠷᠢᠯᠠᠬᠦ᠂ ᠬᠦᠰᠢᠬᠦᠷᠬᠡ ᠶᠢ ᠪᠠᠭᠠᠰᠬᠠᠬᠤ ᠠᠵᠢᠯ ᠢ ᠰᠠᠶᠢᠳᠦᠷ ᠬᠢᠬᠦ ᠪᠠᠷ ᠬᠦᠴᠦᠯᠠᠠ ᠴᠢᠷᠮᠠᠶᠢᠬᠤ ᠪᠤᠯ ᠠᠵᠦ ᠠᠬᠤᠢᠢᠯᠠᠯ ᠤᠨ ᠦᠢᠯᠠᠳᠪᠤᠷᠢᠯᠠᠯ ᠤᠨ ᠡᠵᠡᠩᠨᠡᠯᠳᠡ ᠶᠢ ᠳᠤᠬᠳᠠᠪᠤᠷᠢᠵᠢᠭᠤᠯᠬᠤ᠂ ᠮᠦᠩᠬᠦᠡ ᠬᠦᠢᠯᠬᠡᠬᠡᠡ ᠤ ᠦᠢᠯᠠᠴᠢᠯᠡᠬᠡᠡ ᠤ ᠪᠤᠳᠠᠳᠦ ᠴᠤᠬᠴᠠ ᠶᠢᠨ ᠠᠵᠦ ᠠᠬᠤᠢ ᠶᠢᠨ ᠦᠷ᠎ᠠ ᠠᠰᠢᠬ ᠢ ᠳᠡᠭᠡᠭᠰᠢᠯᠡᠬᠦᠯᠬᠦ᠂ ᠮᠦᠩᠬᠦᠡ ᠬᠦᠢᠯᠬᠡᠬᠡᠡ ᠤ ᠳᠦᠭᠰᠢᠬᠦᠷᠢ ᠶᠢ ᠰᠠᠷᠬᠡᠶᠢᠯᠡᠬᠦ ᠪᠡ ᠨᠡᠮᠳᠡᠭᠤᠯᠬᠤ᠂ ᠠᠵᠦ ᠠᠬᠤᠢ ᠶᠢᠨ ᠦᠷᠬᠦᠯᠵᠢᠯᠡᠡ ᠡᠷᠡᠬᠦᠯ ᠢᠶᠠᠷ ᠬᠦᠭᠵᠢᠬᠦ ᠶᠢ ᠠᠬᠢᠭᠤᠯᠬᠤ ᠶᠢᠨ ᠴᠢᠬᠤᠯᠠ ᠠᠷᠭ᠎ᠠ ᠪᠤᠳᠤᠯᠭ᠎ᠠ ᠪᠤᠯᠤᠨ᠎ᠠ ᠬᠡᠵᠡᠢ᠃ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠡᠷᠬᠡᠪᠰᠢ ᠪᠤᠳᠠᠳᠠᠢ ᠠᠷᠭ᠎ᠠ ᠬᠡᠮᠵᠢᠶ᠎ᠡ ᠳᠤᠬᠳᠠᠭᠠᠵᠦ᠂ ᠳᠦᠷᠦ ᠶᠢᠨ ᠪᠤᠳᠤᠯᠭ᠎ᠠ ᠶᠢᠨ ᠳᠠᠯ᠎ᠠ ᠪᠠᠷ ᠨᠠᠷᠢᠨ ᠳᠤᠳᠤᠷᠬᠠᠢ ᠳᠦᠷᠢᠮ ᠳᠤᠬᠳᠠᠭᠠᠯ ᠳᠤᠬᠳᠠᠭᠠᠵᠦ᠂ ᠴᠠᠬ ᠤᠨ ᠬᠢᠵᠠᠭᠠᠷᠯᠠᠯ ᠢ ᠦᠬᠡᠶᠢᠰᠬᠡᠵᠦ᠂ ᠡᠬᠦᠷᠬᠡ ᠶᠢ ᠱᠠᠳᠤ ᠱᠠᠳᠤ ᠪᠠᠷ ᠬᠤᠪᠢᠶᠠᠷᠢᠯᠠᠵᠦ᠂ ᠳᠦᠷᠦ ᠶᠢᠨ ᠪᠤᠳᠤᠯᠭ᠎ᠠ ᠶᠢᠨ ᠳᠠᠯ᠎ᠠ ᠪᠠᠷ ᠳᠠᠶᠢᠯᠪᠤᠷᠢ ᠬᠢᠬᠦ ᠠᠵᠢᠯ ᠢ ᠨᠠᠷᠢᠨ ᠨᠢᠮᠪᠠᠢ ᠬᠢᠵᠦ᠂ ᠱᠠᠯᠠᠪᠳᠠᠭᠤᠯᠤᠨ ᠪᠠᠶᠢᠴᠠᠭᠠᠬᠤ ᠪᠡ ᠦᠷ᠎ᠠ ᠪᠦᠳᠦᠮᠵᠢ ᠤᠯᠤᠬᠰᠠᠨ ᠡᠰᠡᠬᠦ ᠶᠢ ᠮᠦᠷᠳᠡᠨ ᠪᠠᠶᠢᠴᠠᠭᠠᠬᠤ ᠠᠵᠢᠯ ᠢ ᠴᠢᠩᠭᠠᠳᠬᠠᠵᠦ᠂ ᠡᠯ᠎ᠠ ᠳᠦᠷᠦᠯ ᠤᠨ ᠳᠦᠷᠦ ᠶᠢᠨ ᠪᠤᠳᠤᠯᠭ᠎ᠠ ᠶᠢ ᠦᠨᠡᠨ ᠪᠤᠳᠠᠳᠠᠢ ᠬᠡᠷᠡᠭᠵᠢᠬᠦᠯᠬᠦ ᠬᠡᠷᠡᠭᠳᠡᠢ ᠬᠡᠯ᠎ᠠ᠃      ᠬᠤᠷᠠᠯ ᠠᠴᠠ᠂ ᠠᠮᠢ ᠠᠬᠤᠢ ᠶᠢᠨ ᠤᠷᠴᠢᠨ ᠳᠤᠭᠤᠷᠢᠨ ᠢ ᠬᠢᠨᠡᠨ ᠬᠡᠮᠵᠢᠬᠦ ᠳᠤᠤᠷ ᠰᠦᠯᠵᠢᠶᠡᠨ ᠤ ᠪᠦᠳᠦᠬᠡᠨ ᠪᠠᠶᠢᠭᠤᠯᠤᠯᠳᠠ ᠪᠤᠯᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠢᠨᠠᠯᠳᠠ ᠪᠠᠶᠢᠴᠠᠭᠠᠯᠳᠠ ᠶᠢ ᠴᠢᠩᠭᠠᠳᠬᠠᠬᠤ ᠪᠤᠯ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠰᠠᠭᠤᠷᠢ ᠪᠤᠯᠬᠤ ᠪᠦᠬᠡᠳ ᠴᠢᠬᠤᠯᠠ ᠭᠠᠷᠳᠠᠴᠠ ᠪᠤᠯᠬᠤ ᠶᠤᠮ᠃ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠡᠷᠬᠡᠪᠰᠢ ᠬᠦᠴᠦᠨ ᠪᠦᠬᠦᠢ ᠠᠷᠭ᠎ᠠ ᠬᠡᠮᠵᠢᠶ᠎ᠠ ᠠᠪᠴᠤ ᠪᠠᠶᠢᠭᠠᠳ ᠠᠮᠢ ᠠᠬᠤᠢ ᠶᠢᠨ ᠤᠷᠴᠢᠨ ᠳᠤᠭᠤᠷᠢᠨ ᠢ ᠬᠢᠨᠡᠨ ᠬᠡᠮᠵᠢᠬᠦ ᠳᠤᠤᠷ ᠰᠦᠯᠵᠢᠶᠡᠨ ᠤ ᠪᠦᠳᠦᠬᠡᠨ ᠪᠠᠶᠢᠭᠤᠯᠤᠯᠳᠠ ᠶᠢ ᠳᠦᠷᠬᠡᠨ ᠠᠬᠢᠭᠤᠯᠵᠦ᠂ ᠵᠠᠰᠠᠬ ᠤᠨ ᠤᠷᠳᠤᠨ ᠠᠴᠠ ᠭᠤᠤᠯᠯᠠᠨ ᠵᠢᠯᠤᠭᠤᠳᠬᠤ᠂ ᠰᠠᠯᠠᠭ᠎ᠠ ᠮᠦᠴᠢᠷ ᠤᠨ ᠬᠢᠨ ᠬᠠᠮᠵᠢᠯᠴᠠᠬᠤ᠂ ᠨᠡᠶᠢᠭᠡᠮ ᠳᠠᠶᠠᠭᠠᠷ ᠤᠷᠤᠯᠴᠠᠬᠤ᠂ ᠤᠯᠠᠨ ᠨᠡᠶᠢᠳᠡ ᠠᠴᠠ ᠬᠢᠨᠡᠯᠳᠠ ᠳᠠᠯᠪᠢᠬᠤ ᠠᠮᠢ ᠠᠬᠤᠢ ᠶᠢᠨ ᠤᠷᠴᠢᠨ ᠳᠤᠭᠤᠷᠢᠨ ᠢ ᠬᠢᠨᠡᠨ ᠬᠡᠮᠵᠢᠵᠦ ᠬᠠᠮᠢᠶᠠᠷᠬᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠳᠡᠢ᠃ ᠤᠷᠴᠢᠨ ᠳᠤᠭᠤᠷᠢᠨ ᠤ ᠬᠠᠮᠠᠭᠠᠯᠠᠯᠳᠠ ᠳᠤ ᠬᠢᠨᠠᠯᠳᠠ ᠳᠠᠯᠪᠢᠬᠤ ᠠᠵᠢᠯ ᠢ ᠴᠢᠨᠠᠬᠰᠢᠳᠠ ᠴᠢᠩᠭᠠᠠᠳᠬᠠᠵᠦ᠂ ᠠᠰᠠᠭᠤᠳᠠᠯ ᠢ ᠴᠠᠬ ᠳᠤᠬᠠᠢ ᠳᠤᠨᠢ ᠢᠯᠡᠷᠡᠬᠦᠯᠵᠦ᠂ ᠴᠠᠬ ᠳᠤᠬᠠᠢ ᠳᠤᠨᠢ ᠰᠢᠢᠳᠪᠤᠷᠢᠯᠡᠵᠦ᠂ ᠮᠠᠨ ᠤ ᠤᠷᠤᠨ ᠤ ᠠᠮᠢ ᠠᠬᠤᠢ ᠶᠢᠨ ᠤᠷᠴᠢᠨ ᠳᠤᠭᠤᠷᠢᠨ ᠢ ᠪᠦᠬᠦ ᠳᠠᠯ᠎ᠠ ᠪᠠᠷ ᠰᠠᠶᠢᠵᠢᠷᠠᠭᠤᠯᠬᠤ ᠪᠠᠷ ᠴᠢᠷᠮᠠᠶᠢᠬᠤ ᠬᠡᠷᠡᠭᠳᠡᠢ ᠬᠡᠵᠦ ᠵᠢᠭᠠᠵᠦ ᠭᠠᠷᠭᠠᠪᠠ᠃      ᠬᠤᠷᠠᠯ ᠠᠴᠠ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠡᠷᠬᠡᠪᠰᠢ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠶᠢ ᠡᠬᠦᠳᠬᠦ ᠶᠡᠭᠡ ᠬᠤᠷᠠᠯ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠡᠶᠢᠳᠡᠪᠤᠷᠢᠵᠢᠭᠤᠯᠵᠦ᠂ ᠰᠢᠨ᠎ᠡ ᠶᠢ ᠡᠬᠦᠳᠦᠨ ᠬᠦᠭᠵᠢᠯᠳᠡ ᠶᠢ ᠠᠬᠢᠭᠤᠯᠬᠤ ᠪᠠᠷ ᠳᠠᠪᠠᠭᠤᠯᠢᠬ ᠪᠠᠶᠢᠯᠳᠤᠬᠤ ᠪᠤᠳᠤᠯᠭ᠎ᠠ ᠪᠤᠯᠭᠠᠵᠦ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠶᠢ ᠡᠬᠦᠳᠬᠦ ᠪᠠᠷ ᠭᠤᠤᠯᠯᠠᠭᠤᠯᠤᠬᠰᠠᠨ ᠪᠦᠬᠦ ᠳᠠᠯ᠎ᠠ ᠶᠢᠨ ᠰᠢᠨ᠎ᠠ ᠶᠢ ᠡᠬᠦᠳᠬᠦ ᠠᠵᠢᠯ ᠢ ᠶᠡᠬᠡᠪᠡᠷ ᠠᠬᠢᠭᠤᠯᠵᠦ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠶᠢ ᠡᠬᠦᠳᠬᠦ ᠰᠢᠰᠲ᠋ᠧᠮ ᠢ ᠳᠡᠬᠦᠯᠳᠡᠷᠵᠢᠬᠦᠯᠵᠦ᠂ ᠪᠡᠶ᠎ᠡ ᠪᠠᠨ ᠳᠠᠭᠠᠭᠠᠨ ᠰᠢᠨ᠎ᠠ ᠶᠢ ᠡᠬᠦᠳᠬᠦ ᠴᠢᠳᠠᠪᠤᠷᠢ ᠪᠠᠨ ᠴᠢᠷᠮᠠᠶᠢᠨ ᠳᠡᠬᠡᠭᠰᠢᠯᠡᠬᠦᠯᠵᠦ᠂ ᠪᠠᠶᠢᠭᠤᠯᠤᠮᠵᠢ ᠳᠤᠬᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠬᠦᠳᠡᠯᠬᠡᠬᠦ ᠬᠦᠴᠦᠨ ᠢ ᠦᠨᠳᠤᠰᠤᠨ ᠠᠴᠠ ᠨᠢ ᠬᠤᠪᠢᠷᠠᠭᠤᠯᠬᠤ ᠶᠢ ᠳᠦᠷᠬᠡᠨ ᠪᠠᠶᠠᠯᠠᠬᠦᠯᠬᠦ ᠬᠡᠷᠡᠭᠳᠡᠢ ᠬᠡᠵᠦ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号