ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ ᠬᠥᠭᠵᠢᠯᠲᠡ ᠶᠢ ᠨᠡᠩ ᠰᠠᠶᠢᠲᠤᠷ | ᠲᠥᠯᠬᠢᠨ ᠠᠬᠢᠭᠤᠯᠬᠤ ᠶᠢᠨ ᠳᠣᠰᠠᠳᠠ᠂ ᠣᠶᠢᠷ᠎ᠠ ᠳᠤ ᠬᠥᠬᠡᠬᠤᠲᠠ ᠶᠢᠨ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠪᠣᠳᠠᠲᠠᠶ ᠨᠥᠬᠦᠴᠡᠯ ᠪᠠ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ᠂ ᠶᠠᠰᠤ | ᠴᠢᠨᠠᠷ ᠵᠡᠷᠭᠡ ᠬᠦᠴᠦᠨ ᠵᠦᠢᠯ ᠢ ᠦᠨᠳᠦᠰᠦᠯᠡᠨ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠷᠠᠳ ᠠᠴᠠ | ᠡᠷᠬᠢᠯᠡᠭᠰᠡᠨ 22 ᠰᠤᠷᠭᠠᠭᠤᠯᠢ ᠳᠤ 2016 ᠣᠨ ᠤ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠲᠤᠰᠬᠠᠶ | ᠨᠥᠬᠦᠪᠥᠷᠢ ᠮᠥᠩᠭᠦ ᠶᠢ ᠨᠡᠶᠢᠲᠡ 2587 ᠲᠦᠮᠡᠨ ᠲᠥᠭᠦᠷᠢᠭ ᠪᠠᠭᠤᠯᠭᠠᠪᠠ᠃ ᠡᠳ᠋ ᠤᠨ ᠵᠠᠰᠠᠭ ᠤᠨ ᠪᠡᠯᠡ | ᠮᠥᠩᠭᠦ ᠨᠢ ᠬᠤᠳᠠ ᠶᠢᠨ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠣᠮ ᠪᠢᠴᠢᠭ ᠬᠤᠳᠠᠯᠳᠤᠨ ᠠᠪᠬᠤ ᠂ | ᠠᠲᠯᠧᠲ᠋ᠢᠺ ᠤᠨ ᠲᠠᠯᠠᠪᠤᠷ ᠪᠠ ᠰᠦᠵᠢᠶᠤᠤ ︵ᠰᠢᠨᠲ᠋ᠧᠲ︶ ᠭᠦᠶᠦᠯᠲᠡ ᠶᠢᠨ ᠵᠠᠮ᠂ ᠰᠤᠷᠭᠠᠭᠤᠯᠢ ᠶᠢᠨ ᠬᠦᠷᠢᠶᠡᠨ ᠤ | ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠥᠳᠥᠭᠡᠨ ᠪᠠᠶᠢᠭᠤᠯᠤᠯᠲᠠ᠂ | ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠲᠥᠬᠦᠭᠡᠷᠦᠮᠵᠢ | ᠬᠤᠳᠠᠯᠳᠤᠨ ᠠᠪᠬᠤ ᠵᠡᠷᠭᠡ ᠲᠥᠷᠥᠯ ᠵᠦᠢᠯ ᠢ ᠬᠦᠴᠦᠲᠡᠶ ᠳᠡᠮᠵᠢᠭᠰᠡᠨ ᠪᠠᠶᠢᠨ᠎ᠠ᠃ ᠡᠨᠡ ᠤᠳᠠᠭ᠎ᠠ ᠶᠢᠨ | ᠪᠠᠭᠤᠯᠭᠠᠭᠰᠠᠨ ᠪᠡᠯᠡ ᠮᠥᠩᠭᠦ ᠨᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠥᠭᠵᠢᠯᠲᠡ ᠶᠢ ᠲᠡᠳᠬᠦᠨ ᠳᠡᠮᠵᠢᠬᠦ | ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃ |