ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠩᠯᠢᠶᠣᠤ ᠬᠤᠲᠠ᠂ ᠤᠯᠠᠭᠠᠨᠬᠠᠳᠠ ᠬᠤᠳᠠ᠂ ᠰᠢᠯᠢ ᠶᠢᠨ ᠭᠤᠣᠯ | ᠠᠶᠢᠮᠠᠭ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ ᠵᠡᠷᠭᠡ 5 ᠠᠶᠢᠮᠠᠭ ᠬᠤᠲᠠ 2016 ᠣᠨ ᠤ ᠤᠯᠤᠰ ᠤᠨ | ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠨᠥᠬᠦᠪᠥᠷᠢ ᠥᠭᠬᠦ ᠲᠤᠷᠰᠢᠯᠲᠠ ᠶᠢᠨ ᠴᠢᠭ᠋ ᠢᠶᠠᠷ | ᠰᠣᠩᠭᠤᠭᠳᠠᠭᠰᠠᠨ ᠪᠥᠭᠡᠳ ᠤᠯᠤᠰ ᠠᠴᠠ 27555 ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ | ᠣᠯᠪᠠ᠃ ᠡᠨᠡ ᠤᠳᠠᠭᠠᠨ ᠤ ᠬᠡᠷᠡᠭᠵᠢᠭᠦᠯᠦᠭᠰᠡᠨ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ | ᠨᠥᠬᠦᠪᠥᠷᠢ ᠥᠭᠬᠦ ᠬᠤᠲᠠ ᠪᠣᠯ ᠶᠡᠷᠦᠩᠬᠡᠶ ᠱᠦᠵᠢ ᠰᠢ ᠶᠢᠨ ᠫᠢᠩ ᠤᠨ ︽ᠰᠦᠯᠵᠢᠶᠡᠨ ᠤ ᠬᠦᠴᠦᠷᠬᠡᠭ ᠤᠯᠤᠰ ᠢ | ᠪᠦᠳᠦᠭᠡᠨ ᠪᠠᠶᠢᠭᠤᠯᠬᠤ︾ ᠵᠡᠷᠭᠡ ᠴᠢᠬᠤᠯᠠ ᠵᠢᠭᠠᠪᠤᠷᠢ ᠪᠣᠯᠤᠨ ᠲᠥᠷᠥ ᠶᠢᠨ ᠶᠠᠪᠤᠳᠠᠯ ᠤᠨ ᠬᠤᠷᠢᠶ᠎ᠠ ᠠᠴᠠ | ᠲᠣᠭᠲᠠᠭᠠᠭᠰᠠᠨ ︽ᠬᠥᠳᠡᠭᠡ ᠲᠣᠰᠬᠤᠨ ᠪᠠ ᠪᠤᠶᠢᠳᠠ ᠪᠥᠭᠯᠡᠭᠦᠦ ᠭᠠᠵᠠᠷ ᠣᠷᠣᠨ ᠤ ᠥᠷᠭᠡᠨ ᠪᠦᠰᠡᠲᠦ | ᠰᠦᠯᠵᠢᠶᠡᠨ ᠤ ᠬᠥᠭᠵᠢᠯᠲᠡ ᠶᠢ ᠳᠡᠮᠵᠢᠬᠦ︾ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ | ᠢᠯᠡᠷᠡᠯ ᠪᠣᠯᠣᠨ᠎ᠠ᠃ ᠬᠥᠳᠡᠭᠡ ᠲᠣᠰᠬᠤᠨ ᠪᠣᠯᠤᠨ ᠪᠤᠶᠢᠳᠠ ᠪᠥᠭᠯᠡᠭᠦᠦ ᠭᠠᠵᠠᠷ ᠣᠷᠣᠨ ᠤ ᠥᠷᠭᠡᠨ ᠪᠦᠰᠡᠲᠦ | ᠰᠦᠯᠵᠢᠶᠡᠨ ᠤ ᠪᠠᠶᠢᠭᠤᠯᠤᠯᠲᠠ ᠪᠠ ᠠᠵᠢᠯᠯᠠᠭᠠᠨ ᠤ ᠬᠠᠮᠠᠭᠠᠯᠠᠯᠲᠠ ᠶᠢ ᠭᠤᠣᠯᠳᠠᠯᠭ᠎ᠠ ᠲᠠᠢ ᠳᠡᠮᠵᠢᠬᠦ ᠪᠠᠷ | ᠳᠠᠮᠵᠢᠭᠤᠯᠤᠨ᠂ 2020 ᠣᠨ ᠪᠣᠯᠬᠤ ᠳᠤ᠂ ᠪᠦᠬᠦ ᠤᠯᠤᠰ ᠤᠨ ᠪᠠᠷᠤᠭ 5 ᠲᠦᠮᠡᠨ ᠥᠷᠭᠡᠨ ᠪᠦᠰᠡ | ᠨᠡᠪᠲᠡᠷᠡᠭᠡᠳᠦᠢ ᠵᠠᠰᠠᠭ ᠵᠠᠬᠢᠷᠭᠠᠨ ᠤ ᠭᠠᠴᠠᠭ᠎ᠠ ᠳᠤ ᠥᠷᠭᠡᠨ ᠪᠦᠰᠡ ᠨᠡᠪᠲᠡᠷᠡᠭᠦᠯᠵᠦ᠂ ᠪᠠᠷᠤᠭ 15 ᠲᠦᠮᠡᠨ ᠨᠢᠭᠡᠨᠲᠡ | ᠥᠷᠭᠡᠨ ᠪᠦᠰᠡ ᠨᠡᠪᠲᠡᠷᠡᠭᠰᠡᠨ ᠵᠠᠰᠠᠭ ᠵᠠᠬᠢᠷᠭᠠᠨ ᠤ ᠭᠠᠴᠠᠭ᠎ᠠ ᠳᠤ ᠥᠷᠭᠡᠨ ᠪᠦᠰᠡ ᠶᠢᠨ ᠵᠠᠯᠭᠠᠬᠤ ᠴᠢᠳᠠᠪᠤᠷᠢ ᠶᠢᠨ | ᠭᠡᠷᠡᠯ ᠰᠢᠷᠬᠡᠭᠵᠢᠭᠦᠯᠦᠯᠲᠡ ᠶᠢ ᠪᠡᠶᠡᠯᠡᠭᠦᠯᠵᠦ᠂ ᠬᠥᠳᠡᠭᠡ ᠲᠣᠰᠬᠤᠨ ᠤ 3000 ᠲᠦᠮᠡ ᠭᠠᠷᠤᠢ ᠭᠡᠷ ᠪᠦᠯᠢ ᠶᠢ | ᠥᠷᠭᠡᠨ ᠪᠦᠰᠡ ᠪᠠᠷ ᠪᠦᠷᠬᠦᠭᠦᠯᠬᠦ ᠪᠠ ᠲᠡᠰ ᠳᠡᠪᠰᠢᠭᠦᠯᠬᠦ ᠦᠢᠯᠡᠴᠢᠯᠡᠭᠡ ᠬᠠᠩᠭᠠᠵᠤ᠂ ᠮᠡᠳᠡᠭᠡ ᠵᠠᠩᠭᠢ ᠶᠢᠨ | ᠮᠡᠷᠭᠡᠵᠢᠯ ᠢᠶᠠᠷ ᠬᠥᠳᠡᠭᠡ ᠲᠣᠰᠬᠤᠨ ᠪᠠ ᠪᠤᠶᠢᠳᠠ ᠪᠥᠭᠯᠡᠭᠦᠦ ᠶᠠᠳᠠᠭᠤ ᠬᠦᠴᠢᠷᠳᠡᠯᠲᠡᠶ ᠭᠠᠵᠠᠷ ᠣᠷᠣᠨ ᠤ | ᠶᠠᠳᠠᠭᠤ ᠠᠴᠠ ᠠᠩᠭᠢᠵᠢᠷᠠᠨ ᠪᠠᠶᠠᠵᠢᠬᠤ ᠶᠢ ᠠᠬᠢᠭᠤᠯᠬᠤ ᠪᠣᠯᠣᠨ᠎ᠠ᠃ |