ᠤᠯᠠᠭᠠᠨᠬᠠᠳᠠ ᠭᠠᠵᠠᠷ ᠰᠢᠷᠣᠶ ᠪᠠᠷ ᠨᠤᠭᠤᠭᠠᠷᠠᠭᠤᠯᠤᠯᠲᠠ ᠶᠢ ᠰᠤᠯᠢᠨ ᠠᠪᠴᠢᠷᠠᠵᠤ ᠪᠡᠯᠡ ᠮᠦᠩᠭᠦ ᠤᠷᠤᠭᠤᠯᠤᠨ ᠨᠤᠭᠤᠭᠠᠷᠠᠭᠤᠯᠤᠯᠲᠠ ᠪᠠᠨ ᠦᠷᠭᠡᠳᠬᠡᠨ ᠰᠢᠨ᠎ᠡ ᠨᠤᠭᠤᠭᠠᠷᠠᠭᠤᠯᠤᠯᠲᠠ ᠶᠢ ᠨᠡᠮᠡᠭᠳᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2016/6/22
     ᠡᠨᠡ ᠵᠢᠯ᠂ ᠤᠯᠠᠭᠠᠨᠬᠠᠳᠠ ᠬᠤᠲᠠ ᠵᠠᠰᠠᠮᠠᠯ ᠵᠠᠮ ᠳᠠᠭᠠᠤ ᠠᠵᠤ ᠠᠬᠤᠶ ᠶᠢᠨ ᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠪᠠᠶᠢᠭᠤᠯᠵᠤ᠂ ᠪᠠᠯᠭᠠᠰᠤ ᠭᠠᠴᠠᠭᠠᠨ ᠤ ᠡᠷᠭᠢᠨ ᠲᠣᠭᠤᠷᠢᠨ ᠳᠤ ᠰᠤᠨᠢᠷᠬᠠᠨ ᠪᠠᠭ᠋ᠠᠷᠴᠤ ᠵᠢᠮᠢᠰ ᠲᠡᠭᠦᠬᠦ ᠬᠦᠷᠢᠶᠡᠯᠡᠩ ᠪᠠᠶᠢᠭᠤᠯᠵᠤ᠂ ᠭᠡᠷ ᠤᠨ ᠢᠶᠠᠨ ᠬᠦᠷᠢᠶᠡᠨ ᠳᠤ ᠵᠢᠮᠢᠰ ᠤᠨ ᠬᠦᠷᠢᠶᠡᠯᠡᠩ ᠪᠠᠶᠢᠭᠤᠯᠵᠤ᠂ ᠠᠵᠤ ᠠᠬᠤᠶ ᠶᠢᠨ ᠤᠢ ᠶᠢ 5 ᠲᠦᠮᠡᠨ ᠮᠦ ᠬᠦᠭᠵᠢᠭᠦᠯᠵᠦ᠂ 330 ᠭᠠᠷᠤᠶ ᠲᠦᠮᠡᠨ ᠰᠠᠭᠤᠷᠢ ᠵᠢᠮᠢᠰ ᠤᠨ ᠮᠤᠳᠤ ᠲᠠᠷᠢᠵᠦ᠂ ᠡᠨᠡ ᠨᠢ ᠦᠵᠡᠮᠦᠷᠢ ᠲᠠᠢ ᠮᠦᠷᠲᠡᠭᠡᠨ ᠵᠢᠮᠢᠰᠯᠡᠬᠦ ᠠᠵᠤ ᠠᠬᠤᠶ ᠶᠢᠨ ᠤᠢ ᠪᠤᠯᠵᠤ ᠣᠯᠠᠨ ᠲᠦᠮᠡᠨ ᠤ ᠬᠦᠷᠢᠶᠡᠯᠡᠯ ᠢ ᠭᠦᠨᠵᠡᠭᠡᠢ ᠣᠯᠤᠭᠰᠠᠨ ᠪᠠᠶᠢᠨ᠎ᠠ᠃ ᠨᠣᠭᠤᠭᠠᠷᠠᠭᠤᠯᠤᠯᠲᠠ ᠶᠢᠨ ᠪᠦᠰᠡ ᠶᠢ ᠵᠤᠯᠵᠠᠭ᠎ᠠ ᠮᠣᠳᠣᠨ ᠤ ᠬᠦᠷᠢᠶᠡᠯᠡᠩ ᠪᠤᠯᠭᠠᠨ ᠪᠠᠶᠢᠭᠤᠯᠬᠤ ᠪᠤᠯ ᠤᠯᠠᠭᠠᠨᠬᠠᠳᠠ ᠶᠢᠨ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠨᠢᠭᠡᠨ ᠡᠭᠦᠳᠦᠯᠲᠡ ᠮᠥᠨ᠃ ᠵᠠᠰᠠᠭ ᠤᠨ ᠣᠷᠳᠣᠨ ᠠᠴᠠ ᠬᠠᠶᠢᠯᠠᠷ ᠨᠠᠷᠠᠰᠤ᠂ ᠭᠠᠴᠤᠷ᠎ᠠ ᠵᠡᠷᠭᠡ ᠵᠤᠯᠵᠠᠭ᠎ᠠ ᠮᠤᠳᠤ ᠶᠢ ᠦᠨ᠎ᠡ ᠲᠥᠯᠥᠪᠦᠷᠢ ᠦᠭᠡᠢ ᠪᠠᠷ ᠠᠷᠠᠳ ᠤᠯᠠᠨ ᠳᠤ ᠬᠠᠩᠭᠠᠵᠤ᠂ ᠲᠠᠷᠢᠶᠠᠴᠢᠨ ᠢᠭᠴᠤ ᠲᠠᠷᠢᠵᠦ ᠵᠤᠯᠵᠠᠭ᠎ᠠ ᠮᠣᠳᠣᠨ ᠤ ᠬᠦᠷᠢᠶᠡᠯᠡᠩ ᠪᠤᠯᠭᠠᠵᠤ᠂ ᠲᠠᠷᠢᠶᠠᠴᠢᠨ ᠡᠷᠤᠭᠡ ᠨᠦᠭᠦᠳ ᠵᠢᠯ ᠪᠦᠷᠢ ᠵᠤᠯᠵᠠᠭ᠎ᠠ ᠮᠣᠳᠣ ᠪᠠᠨ ᠬᠤᠳᠠᠯᠳᠤᠳᠠᠭ ᠪᠤᠯᠬᠤᠷ᠂ ᠪᠠᠰᠠ ᠨᠢᠭᠡᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠨᠡᠭᠡᠭᠡᠭᠰᠡᠨ ᠪᠠᠶᠢᠨ᠎ᠠ᠃ ᠡᠨᠡ ᠵᠢᠯ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤ ᠭᠤᠣᠯᠳᠠᠯᠭ᠎ᠠ ᠲᠠᠢ ᠣᠷᠣᠨ ᠪᠦᠰᠡ ᠶᠢᠨ 1336 ᠶᠠᠳᠠᠭᠤ ᠬᠦᠴᠢᠷᠳᠡᠯᠲᠡᠶ ᠡᠷᠤᠭᠡ ᠶᠢ ᠬᠥᠲᠥᠯᠥᠨ ᠵᠢᠯᠣᠭᠤᠳᠴᠤ ᠪᠠᠶᠢᠭᠠᠳ ᠵᠤᠯᠵᠠᠭ᠎ᠠ ᠮᠣᠳᠣᠨ ᠤ 602 ᠵᠢᠵᠢᠭ ᠬᠦᠷᠢᠶᠡᠯᠡᠩ ᠪᠠᠶᠢᠭᠤᠯᠵᠤ᠂ 635 ᠶᠠᠳᠠᠭᠤ ᠬᠦᠴᠢᠷᠳᠡᠯᠲᠡᠶ ᠡᠷᠤᠭᠡ ᠶᠢ ᠬᠥᠲᠥᠯᠥᠨ ᠵᠢᠯᠣᠭᠤᠳᠴᠤ ᠪᠠᠶᠢᠭᠠᠳ 1300 ᠲᠦᠮᠡᠨ ᠮᠦ ᠵᠢᠮᠢᠰ ᠤᠨ ᠮᠣᠳᠣ ᠵᠠᠶᠢᠯᠠᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠠ ᠶᠠᠳᠠᠭᠤ ᠠᠴᠠ ᠠᠩᠭᠢᠵᠢᠷᠠᠬᠤ ᠶᠢ ᠪᠦᠲᠦᠮᠵᠢᠲᠡᠢ ᠰᠠᠶᠢᠬᠠᠨ ᠤᠶᠠᠯᠳᠤᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号