ᠵᠠᠩ ᠯᠢ ᠬᠦᠯᠦᠨ ᠪᠤᠶᠢᠷ ᠬᠤᠳᠠ ᠳᠤ ᠲᠤᠭᠤᠷᠢᠨ ᠪᠠᠶᠢᠴᠠᠭᠠᠵᠦ ᠴᠡᠭᠴᠡᠯᠡᠨ ᠵᠠᠰᠠᠬᠤ ᠠᠵᠢᠯ ᠤᠨ ᠮᠡᠳᠡᠬᠦᠯᠦᠯᠳᠠ ᠶᠢ ᠰᠣᠨᠣᠰᠪᠠ
ᠨᠡᠶᠢᠲᠡᠯᠡᠭᠰᠡᠨ ᠴᠠᠭ᠄
2016/6/23
     6 ᠳ᠋ᠤᠭᠠᠷ ᠰᠠᠷ᠎ᠠ ᠶᠢᠨ 20᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠤᠳᠤᠷᠢᠳᠬᠤ ᠲᠤᠭᠤᠢᠢᠯᠠᠩ ᠤᠨ ᠳᠠᠷᠤᠭ᠎ᠠ ᠵᠠᠩ ᠯᠢ ᠬᠦᠯᠦᠨ ᠪᠤᠶᠢᠷ ᠬᠤᠳᠠ ᠳᠤ ᠲᠤᠭᠤᠷᠢᠨ ᠪᠠᠶᠢᠴᠠᠭᠠᠵᠦ ᠴᠡᠭᠴᠡᠯᠡᠨ ᠵᠠᠰᠠᠬᠤ ᠠᠵᠢᠯ ᠤᠨ ᠮᠡᠳᠡᠬᠦᠯᠦᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠬᠤᠯᠪᠤᠭᠳᠠᠯ ᠪᠦᠬᠦᠢ ᠠᠵᠢᠯ ᠤᠨ ᠠᠬᠢᠴᠠ ᠶᠢᠨ ᠪᠠᠶᠢᠳᠠᠯ ᠢ ᠰᠤᠨᠤᠰᠴᠦ᠂ ᠲᠤᠭᠤᠷᠢᠨ ᠪᠠᠶᠢᠴᠠᠭᠠᠵᠦ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠤᠭᠤᠳᠪᠠ      ᠲᠤᠭᠤᠷᠢᠨ ᠪᠠᠶᠢᠴᠠᠭᠠᠬᠤ ᠳᠤ ᠢᠯᠡᠷᠡᠬᠦᠯᠦᠭᠰᠡᠨ ᠮᠠᠯᠵᠢᠯ ᠤᠨ ᠪᠤᠰᠤ ᠬᠦᠮᠦᠨ ᠨᠤᠳᠤᠭ ᠪᠡᠯᠴᠢᠭᠡᠷ ᠡᠵᠡᠯᠡᠬᠦ ᠵᠡᠷᠭᠡ ᠲᠤᠪᠤᠶᠢᠮ᠎ᠠ ᠠᠰᠠᠭᠤᠳᠠᠯ ᠳᠤ ᠴᠢᠭᠯᠡᠬᠦᠯᠵᠦ᠂ ᠵᠠᠩ ᠯᠢ᠂ ᠨᠤᠳᠤᠭ ᠪᠡᠯᠴᠢᠭᠡᠷ ᠪᠤᠯ ᠮᠠᠯᠴᠢᠳ ᠤᠨ ᠬᠠᠮᠤᠭ ᠤᠨ ᠦᠨᠳᠦᠰᠦᠨ ᠦᠢᠯᠡᠳᠪᠤᠷᠢᠯᠡᠯ ᠤᠨ ᠭᠡᠷᠡᠭᠰᠡᠯ ᠪᠤᠯᠬᠤ ᠪᠠᠷ ᠪᠠᠷᠠᠬᠤ ᠦᠭᠡᠢ ᠪᠠᠰᠠ ᠴᠦ ᠤᠷᠤᠰᠢᠨ ᠲᠤᠭᠳᠠᠨᠢᠬᠤ ᠶᠢᠨ ᠦᠨᠳᠦᠰᠦᠨ ᠪᠠᠳᠤᠯᠠᠭ᠎ᠠ ᠮᠦᠨ᠃ ᠮᠠᠯᠵᠢᠯ ᠤᠨ ᠪᠤᠰᠤ ᠬᠦᠮᠦᠨ ᠨᠤᠳᠤᠭ ᠪᠡᠯᠴᠢᠭᠡᠷ ᠡᠵᠡᠯᠡᠬᠦ ᠨᠢ ᠨᠠᠮ ᠪᠤᠯᠤᠨ ᠵᠠᠰᠠᠭ ᠎ ᠤᠨ ᠤᠷᠳᠤᠨ ᠤ ᠲᠦᠷᠢ ᠲᠦᠷᠬᠦ ᠶᠢ ᠨᠦᠯᠦᠭᠡᠯᠡᠵᠦ᠂ ᠬᠦᠭᠵᠢᠯᠳᠠ ᠲᠤᠭᠳᠠᠭᠤᠨ ᠤ ᠶᠡᠭᠡ ᠲᠠᠯ᠎ᠠ ᠳᠤ ᠬᠤᠬᠢᠷᠠᠯ ᠦᠵᠡᠬᠦᠯᠳᠡᠭ᠂ ᠡᠶᠢᠮᠦ ᠠᠴᠠ ᠡᠨᠡ ᠨᠢ ᠠᠵᠤ ᠠᠬᠤᠢ ᠶᠢᠨ ᠵᠢᠭᠤᠷᠠᠯᠳᠤᠭᠠᠨ ᠤ ᠠᠰᠠᠭᠤᠳᠠᠯ ᠪᠤᠯᠬᠤ ᠪᠠᠷ ᠪᠠᠷᠠᠬᠤ ᠦᠭᠡᠢ ᠨᠡᠶᠢᠭᠡᠮ ᠤᠨ ᠠᠰᠠᠭᠤᠳᠠᠯ ᠮᠦᠨ᠂ ᠨᠡᠩ ᠴᠦ ᠲᠦᠪ ᠴᠢᠩᠭ᠎ᠠ ᠤᠯᠤᠰ ᠲᠦᠷᠦ ᠶᠢᠨ ᠠᠰᠠᠭᠤᠳᠠᠯ ᠮᠦᠨ ᠭᠡᠵᠦ ᠵᠢᠭᠠᠵᠦ ᠭᠠᠷᠭᠠᠪᠠ᠃      ᠵᠠᠩ ᠯᠢ᠂ ᠬᠤᠯᠪᠤᠭᠳᠠᠯ ᠪᠦᠭᠦᠢ ᠤᠷᠤᠨ ᠨᠤᠳᠤᠭ ᠤᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠠᠴᠠ ᠮᠠᠯᠵᠢᠯ ᠤᠨ ᠪᠤᠰᠤ ᠬᠦᠮᠦᠨ ᠨᠤᠳᠤᠭ ᠪᠡᠯᠴᠢᠭᠡᠷ ᠡᠵᠡᠯᠡᠭᠦ ᠶᠢ ᠴᠡᠭᠴᠡᠯᠡᠨ ᠠᠷᠢᠯᠭᠠᠬᠤ ᠶᠢ ᠴᠢᠬᠤᠯᠡ ᠤᠯᠤᠰ ᠲᠦᠷᠦ ᠶᠢᠨ ᠡᠭᠦᠷᠭᠡ ᠪᠤᠯᠭᠠᠵᠦ᠂ ︽ᠬᠤᠶᠠᠷ ᠢ ᠰᠤᠷᠤᠯᠴᠡᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾᠎ ᠶᠢᠨ ᠪᠤᠳᠠᠳᠠᠢ ᠠᠵᠢᠯᠯᠠᠭ᠎ᠠ ᠪᠤᠯᠭᠠᠵᠤ᠂ ᠲᠤᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠶᠢᠨ ᠭᠤᠤᠯᠳᠠᠯᠭ᠎ᠠ ᠪᠤᠯᠭᠠᠨ᠂ ᠵᠦᠪᠯᠡᠭᠦ ᠵᠦᠢᠯ ᠳᠤ ᠦᠨᠡᠨᠭᠦ ᠤᠷᠤᠭᠤᠯᠵᠤ᠂ ᠵᠤᠬᠢᠶᠠᠨ ᠪᠠᠶᠢᠭᠤᠯᠤᠯᠳᠡ ᠶᠢᠨ ᠤᠳᠤᠷᠢᠳᠤᠯᠭ᠎ᠠ ᠶᠢ ᠴᠢᠩᠭᠠᠳᠬᠠᠵᠤ᠂ ︽ᠠᠷᠠᠳ ᠲᠠᠢ ᠠᠰᠢᠭ ᠪᠤᠯᠢᠶᠠᠯᠳᠤᠬᠤ︾ ᠵᠠᠰᠠᠬᠤᠶ᠎ᠠ ᠪᠡᠷᠭᠡ ᠡᠪᠡᠳᠴᠢᠨ ᠢ ᠡᠷᠭᠡᠪᠰᠢ ᠲᠤᠤᠱᠲᠠᠢ ᠵᠠᠯᠠᠷᠠᠭᠤᠯᠬᠤ ᠪᠠ ᠰᠢᠢᠳᠪᠦᠷᠢᠯᠡᠭᠦ ᠭᠡᠷᠡᠭᠲᠠᠢ᠃ ᠡᠭᠦᠷᠭᠡ ᠬᠠᠷᠢᠭᠤᠴᠠᠯᠭ᠎ᠠ ᠶᠢ ᠲᠤᠳᠤᠷᠬᠠᠢ ᠪᠤᠯᠭᠠᠵᠤ᠂ ᠨᠠᠮ ᠤᠨ ᠬᠤᠷᠢᠶ᠎ᠡ᠂ ᠵᠠᠰᠠᠭ ᠤᠨ ᠤᠷᠳᠤᠨ ᠰᠠᠨᠠᠭᠠᠴᠢᠯᠠᠭ᠎ᠠ ᠠᠴᠠ ᠪᠠᠨ ᠴᠡᠭᠴᠡᠯᠡᠨ ᠵᠠᠰᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠤ᠂ ᠰᠠᠶᠢᠳᠤᠷ ᠠᠳᠬᠤᠵᠦ᠂ ︽ᠨᠢᠭᠡᠳᠤᠭᠡᠷ ᠬᠠᠷᠢᠭᠤᠴᠠᠯᠭᠠᠳᠠᠨ︾ ᠪᠡᠶ᠎ᠠ ᠪᠠᠷ ᠢᠶᠠᠨ ᠠᠰᠠᠭᠤᠨ ᠰᠤᠷᠠᠵᠦ᠂ ᠪᠡᠶ᠎ᠠ ᠪᠠᠷ ᠢᠶᠠᠨ ᠵᠤᠬᠢᠴᠠᠭᠤᠯᠤᠨ ᠰᠢᠢᠳᠪᠦᠷᠢᠯᠡᠭᠦ ᠭᠡᠷᠡᠭᠲᠠᠢ︔ ᠡᠯ᠎ᠡ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠡ ᠠᠴᠠ ᠬᠢᠨᠡᠯᠳᠡ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠤ᠂ ᠴᠡᠭᠴᠡᠯᠡᠨ ᠵᠠᠰᠠᠬᠤ ᠶᠢᠨ ᠲᠤᠮᠳᠠᠬᠢ ᠠᠯᠪᠡ ᠬᠠᠰᠢᠵᠤ ᠠᠮᠠ ᠪᠦᠭᠯᠡᠭᠦ᠂ ᠬᠠᠷᠢᠭᠤᠴᠠᠯᠭ᠎ᠠ ᠪᠠᠨ ᠠᠯᠳᠠᠵᠦ ᠲᠤᠰᠢᠶᠡᠯ ᠢᠶᠠᠨ ᠭᠤᠳᠤᠭᠠᠬᠰᠠᠨ ᠪᠠᠶᠢᠭᠤᠯᠤᠯᠭ᠎ᠠ ᠪᠤᠯᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠠᠴᠠ ᠲᠦᠪ ᠴᠢᠩᠭ᠎ᠠ ᠪᠠᠷ ᠬᠠᠷᠢᠭᠤᠴᠠᠯᠭ᠎ᠠ ᠨᠡᠭᠡᠮᠵᠢᠯᠡᠭᠦ ᠭᠡᠷᠡᠭᠲᠠᠢ᠃ ᠨᠠᠷᠢᠨ ᠪᠠᠶᠢᠳᠠᠯ ᠎ ᠢ ᠦᠨᠡᠨᠭᠦ ᠲᠤᠳᠤᠷᠬᠠᠢ ᠦᠢᠯᠠᠭᠠᠵᠤ᠂ ᠴᠡᠭᠴᠡᠯᠡᠨ ᠵᠠᠰᠠᠬᠤ ᠶᠢᠨ ᠴᠢᠭᠯᠡᠯᠳᠦ ᠴᠢᠨᠠᠷ ᠪᠤᠯᠤᠨ ᠪᠤᠳᠠᠳᠤ ᠦᠷ᠎ᠠ ᠪᠦᠳᠦᠮᠵᠢᠳᠦ ᠴᠢᠨᠠᠷ ᠢ ᠲᠡᠭᠡᠭᠰᠢᠯᠡᠭᠦᠯᠭᠦ ᠭᠡᠷᠡᠭᠲᠠᠢ᠃ ᠨᠤᠳᠤᠭ ᠪᠡᠯᠴᠢᠭᠡᠷ ᠤᠨ ᠬᠠᠮᠢᠶᠠᠷᠤᠯᠳᠡ ᠶᠢᠨ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠤ᠂ ᠲᠡᠰ ᠲᠠᠷᠠᠭᠠᠯᠠᠯ ᠵᠢᠷᠤᠮᠵᠢᠭᠰᠠᠨ᠂ ᠲᠦᠷᠢᠮ ᠲᠡᠭᠦᠯᠳᠡᠷᠵᠢᠭᠰᠡᠨ᠂ ᠡᠷᠭᠡ ᠬᠠᠷᠢᠭᠤᠴᠠᠯᠭ᠎ᠠ ᠲᠤᠳᠤᠷᠬᠠᠢ ᠪᠠᠶᠢᠬᠤ ᠶᠢ ᠦᠨᠡᠨ ᠭᠦ ᠪᠡᠶᠡᠯᠡᠬᠦᠯᠬᠦ ᠭᠡᠷᠡᠭᠲᠠᠢ᠃ ᠴᠡᠭᠴᠡᠯᠡᠨ ᠵᠠᠰᠠᠬᠤ ᠠᠵᠢᠯ ᠢ ᠦᠷᠨᠢᠭᠦᠯᠭᠦ ᠳᠤ ᠬᠦᠮᠤᠨ ᠢ ᠰᠢᠢᠳᠪᠦᠷᠢᠯᠡᠭᠦ ᠨᠢ ᠵᠤᠷᠢᠯᠭ᠎ᠠ ᠪᠢᠰᠢ᠂ ᠠᠷᠠᠳ ᠲᠤ ᠠᠰᠢᠭ ᠬᠦᠷᠳᠡᠭᠡᠬᠦ ᠨᠢ ᠭᠤᠤᠯ ᠪᠤᠯᠬᠤ ᠶᠤᠮ᠂ ᠲᠠᠷᠢᠶᠠᠯᠠᠩ ᠤᠨ ᠭᠡᠷᠡᠭᠰᠡᠯ ᠮᠠᠯ ᠠᠵᠤ ᠠᠬᠤᠢ ᠶᠢᠨ ᠭᠡᠷᠡᠭᠰᠡᠯᠢ ᠤᠨ ᠬᠠᠮᠢᠶᠠᠷᠤᠯᠳᠡ ᠶᠢᠨ ᠲᠦᠪᠰᠢᠨ ᠢ ᠠᠬᠢᠭᠤᠯᠵᠤ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠶᠢ ᠦᠨᠡᠨ ᠭᠦ ᠰᠠᠬᠢᠨ ᠬᠠᠮᠠᠭᠠᠯᠠᠬᠤ ᠭᠡᠷᠡᠭᠲᠠᠢ ᠭᠡᠵᠤ ᠴᠢᠬᠤᠯᠡᠴᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号