2016 ᠣᠨ ᠳᠤ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠭᠰᠠᠨ ᠬᠢᠷᠢ ᠪᠦᠲᠦᠮᠵᠢ ᠶᠢ | 6 ᠳ᠋ᠤᠭᠠᠷ ᠰᠠᠷ᠎ᠠ ᠶᠢᠨ 23 ᠤ ᠡᠳᠦᠷ ᠤᠨ ᠲᠡᠭ ᠴᠠᠭ ᠲᠤ ᠡᠬᠢᠯᠡᠨ ᠨᠡᠶᠢᠲᠡᠯᠡᠨ᠎ᠡ᠂ ᠰᠢᠯᠭᠠᠭᠤᠯᠤᠭᠰᠠᠳ ᠲᠠᠪᠤᠨ | ᠵᠦᠢᠯ ᠤᠨ ᠠᠷᠭ᠎ᠠ ᠪᠠᠷ ᠰᠢᠯᠭᠠᠯᠲᠠ ᠶᠢᠨ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ ᠪᠣᠯᠤᠨ᠎ᠠ᠃ | ᠠᠷᠭ᠎ᠠ ᠨᠢᠭᠡ᠄ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ | (http://www.nm.zsks.cn) ᠳᠤ ᠭᠠᠷᠴᠤ ᠰᠦᠢᠳᠬᠡᠯ ᠲᠤᠰᠢᠶᠠᠬᠤ ᠦᠭᠡᠶ ᠪᠠᠷ ᠶᠡᠭᠡ ᠳᠡᠭᠡᠳᠦ | ᠰᠤᠷᠭᠠᠭᠤᠯᠢ ᠳᠤ ᠰᠢᠯᠭᠠᠭᠰᠠᠨ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ ᠪᠣᠯᠤᠨ᠎ᠠ᠃ | ᠠᠷᠭ᠎ᠠ ᠬᠤᠶᠠᠷ᠄ ᠰᠢᠯᠵᠢᠮᠡᠯ ᠣᠬᠤᠷ ᠤᠲᠠᠰᠤ ᠶᠢᠨ ᠮᠡᠳᠡᠭᠡ ᠪᠠᠷ ︽gkcf ᠰᠢᠯᠭᠠᠭᠤᠯᠤᠭᠰᠠᠳ ᠤᠨ | ᠨᠤᠮᠧᠷ︾ ᠢᠶᠠᠨ 10628833 ᠳᠤ ᠢᠯᠡᠭᠡᠪᠡᠯ ᠶᠡᠭᠡ ᠳᠡᠭᠡᠳᠦ ᠰᠤᠷᠭᠠᠭᠤᠯᠢ ᠳᠤ ᠰᠢᠯᠭᠠᠭᠰᠠᠨ ᠬᠢᠷᠢ ᠪᠦᠲᠦᠮᠵᠢ | ᠪᠠᠨ ᠤᠯᠵᠤ ᠪᠤᠯᠤᠨ᠎ᠠ᠃ | ᠠᠷᠭ᠎ᠠ ᠭᠤᠷᠪᠠ᠄ ᠠᠪᠢᠶᠠᠨ ᠤ ᠠᠦ᠋ᠲ᠋ᠣ᠋ ᠮᠡᠳᠡᠭᠡ ᠵᠠᠩᠭᠢ ᠶᠢᠨ ᠲᠠᠪᠴᠠᠩ ᠢᠶᠠᠷ ᠪᠠᠶᠢᠴᠠᠭᠠᠨ ᠯᠠᠪᠯᠠᠵᠤ ᠪᠤᠯᠤᠨ᠎ᠠ᠂ | ᠣᠷᠣᠨ ᠤ ᠳᠣᠲᠣᠷᠠᠬᠢ ᠳᠤᠮᠳᠠᠳᠤ ᠤᠯᠤᠰ ᠤᠨ ᠨᠢᠬᠡᠳᠦᠮᠡᠯ ᠬᠤᠯᠪᠣᠭ᠎ᠠ ᠶᠢᠨ ᠬᠡᠷᠡᠭᠯᠡᠭᠴᠢ 16897788 ᠳᠤ | ᠤᠲᠠᠰᠤᠳᠠᠵᠤ᠂ ᠳᠤᠮᠳᠠᠳᠤ ᠤᠯᠤᠰ ᠤᠨ ᠴᠠᠬᠢᠯᠭᠠᠨ ᠮᠡᠳᠡᠭᠡ ᠬᠤᠯᠪᠣᠭᠠᠨ ᠤ ᠬᠡᠷᠡᠭᠯᠡᠭᠴᠢ 16817788 ᠳᠤ | ᠤᠲᠠᠰᠤᠳᠠᠵᠤ᠂ ᠳᠤᠮᠳᠠᠳᠤ ᠤᠯᠤᠰ ᠤᠨ ᠲᠡᠮᠦᠷ ᠵᠠᠮ ᠤᠨ ᠬᠤᠯᠪᠣᠭ᠎ᠠ ᠶᠢᠨ ᠬᠡᠷᠡᠭᠯᠡᠭᠴᠢ 95105168 ᠳᠤ | ᠤᠲᠠᠰᠤᠳᠠᠵᠤ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠬᠡᠷᠡᠭᠯᠡᠭᠴᠢ 1255088 ᠳᠤ ᠤᠲᠠᠰᠤᠳᠠᠨ᠎ᠠ᠃ | ᠠᠪᠢᠶᠠᠨ ᠰᠠᠨᠠᠭᠤᠯᠤᠮᠵᠢ ᠶᠢ ᠦᠨᠳᠦᠰᠦᠯᠡᠨ ᠰᠢᠯᠭᠠᠭᠤᠯᠤᠭᠴᠢ ᠶᠢᠨ ᠨᠣᠮᠧᠷ ᠢᠶᠠᠨ ᠲᠤᠶ᠋ᠢᠨ ᠤᠷᠤᠭᠤᠯᠪᠠᠯ ᠬᠤᠪᠢ | ᠪᠠᠨ ᠤᠯᠵᠤ ᠪᠤᠯᠤᠨ᠎ᠠ᠃ | ᠠᠷᠭ᠎ᠠ ᠳᠥᠷᠪᠡ᠄ ᠮᠡᠳᠡᠭᠡ ᠵᠠᠩᠭᠢ ᠶᠢᠨ ᠲᠠᠪᠴᠠᠩ ᠠᠴᠠ ᠪᠠᠶᠢᠴᠠᠭᠠᠨ ᠯᠠᠪᠯᠠᠵᠤ ᠪᠤᠯᠤᠨ᠎ᠠ᠂ ᠨᠢᠭᠡᠳᠦᠮᠡᠯ | ᠬᠤᠯᠪᠤᠭ᠎ᠠ ᠶᠢᠨ ᠬᠡᠷᠡᠭᠯᠡᠭᠴᠢ 1607788 ᠳᠤ ᠤᠲᠠᠰᠤᠳᠠᠭᠠᠳ᠂ ᠤᠲᠠᠰᠤ ᠲᠤᠰᠤᠭᠴᠢ ᠠᠴᠠ ᠶᠡᠭᠡ ᠳᠡᠭᠡᠳᠦ | ᠰᠤᠷᠭᠠᠭᠤᠯᠢ ᠳᠤ ᠰᠢᠯᠭᠠᠭᠰᠠᠨ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ ᠪᠤᠯᠤᠨ᠎ᠠ᠃ | ᠠᠷᠭ᠎ᠠ ᠲᠠᠪᠤ᠄ ᠰᠢᠯᠭᠠᠭᠤᠯᠤᠭᠰᠠᠳ ᠸᠢᠴᠠᠲ ᠢᠶᠠᠷ ᠬᠤᠪᠢ ᠪᠠᠨ ᠪᠠᠶᠢᠴᠠᠭᠠᠵᠤ ᠪᠤᠯᠤᠨ᠎ᠠ᠂ ᠶᠠᠭᠤᠨ ᠤ ᠡᠮᠦᠨ᠎ᠡ | ᠸᠢᠴᠠᠲ ᠠᠴᠠ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ︾ ᠶᠢᠨ ᠠᠯᠪᠠᠨ ᠤ ᠸᠢᠴᠠᠲ ︵ᠣᠯᠠᠨ | ᠨᠡᠶᠢᠲᠡ ᠶᠢᠨ ᠨᠣᠮᠧᠷ nmgzskszwx︶ ᠢ ᠡᠷᠢᠵᠤ᠂ ᠣᠯᠠᠨ ᠨᠡᠶᠢᠲᠡ ᠶᠢᠨ ᠨᠣᠮᠧᠷ ᠲᠤ ᠤᠷᠤᠭᠰᠠᠨ ᠤ | ᠳᠠᠷᠠᠭ᠎ᠠ ᠪᠠᠷᠠᠭᠤᠨ ᠳᠣᠣᠷ᠎ᠠ ᠥᠨᠴᠥᠭ ᠤᠨ ︽ᠬᠢᠷᠢ ᠪᠦᠲᠦᠮᠵᠢ ᠪᠠᠶᠢᠴᠠᠭᠠᠬᠤ︾ ᠬᠡᠰᠡᠨ ᠢ ᠲᠤᠶ᠋ᠢᠭᠠᠳ ᠬᠤᠪᠢ ᠪᠠᠨ | ᠪᠠᠶᠢᠴᠠᠭᠠᠵᠤ ᠪᠤᠯᠤᠨ᠎ᠠ᠃ |