2016 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠴᠢᠳ ᠤᠨ ᠰᠦᠯᠵᠢᠶᠡᠨ ᠳᠡᠭᠡᠷ᠎ᠡ ᠬᠦᠰᠡᠯ ᠡᠷᠡᠮᠡᠯᠵᠡᠯ ᠢᠶᠠᠨ ᠲᠠᠭᠯᠠᠬᠤ ᠰᠣᠷᠢᠯᠲᠠ ᠬᠢᠬᠦ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2016/6/23
     ᠡᠯ᠎ᠡ ᠠᠶᠢᠮᠠᠭ ᠬᠤᠳᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ᠄      2016 ᠣᠨ ᠤ 6 ᠳ᠋ᠤᠭᠠᠷ ᠰᠠᠷ᠎ᠠ ᠶᠢᠨ 24᠎ ᠤ ᠡᠳᠦᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ 2016 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠴᠢᠳ ᠤᠨ ᠰᠦᠯᠵᠢᠶᠡᠨ ᠳᠡᠭᠡᠷ᠎ᠡ ᠬᠦᠰᠡᠯ ᠡᠷᠡᠮᠡᠯᠵᠡᠯ ᠢᠶᠠᠨ ᠲᠠᠭᠯᠠᠬᠤ ᠰᠣᠷᠢᠯᠲᠠ ᠬᠢᠬᠦ ᠪᠠᠷ ᠪᠠᠶᠢᠨ᠎ᠠ᠃ ᠰᠣᠷᠢᠯᠲᠠ ᠶᠢᠨ ᠪᠣᠳᠠᠲᠠᠶ ᠴᠠᠭ᠂ ᠱᠠᠭᠠᠷᠳᠠᠯᠭ᠎ᠠ ᠪᠣᠯᠣᠨ ᠶᠠᠪᠤᠴᠠ ᠶᠢ ᠲᠤᠬᠠᠶ ᠶᠢᠨ ᠦᠶ᠎ᠡ ᠳᠤ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ ︽2016 ᠣᠨ ᠤ ᠰᠦᠯᠵᠢᠶᠡᠨ ᠳᠡᠭᠡᠷ᠎ᠡ ᠬᠦᠰᠡᠯ ᠡᠷᠡᠮᠡᠯᠵᠡᠯ ᠢᠶᠠᠨ ᠮᠡᠳᠡᠭᠦᠯᠬᠦ ᠲᠤᠰᠬᠠᠶ ᠪᠤᠯᠤᠩ︾᠎ ᠳᠤ ᠨᠡᠶᠢᠲᠡᠯᠡᠨ᠎ᠡ᠃      ᠡᠯ᠎ᠡ ᠭᠠᠵᠠᠷ ᠤᠳ ᠬᠠᠷᠢᠶ᠎ᠠ ᠬᠤᠰᠢᠭᠤ ᠰᠢᠶᠠᠨ ᠲᠣᠭᠤᠷᠢᠭ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠪᠣᠯᠣᠨ ᠳᠤᠮᠳᠠᠳᠤ ᠰᠤᠷᠭᠠᠭᠤᠯᠢ ᠳᠤ ᠴᠠᠭ ᠲᠤᠬᠠᠶ ᠳᠤᠨᠢ ᠮᠡᠳᠡᠭᠳᠡᠬᠦ ᠶᠢᠨ ᠬᠠᠮᠲᠤ ᠰᠢᠯᠭᠠᠭᠤᠯᠤᠭᠴᠢᠳ ᠎ ᠲᠤ ᠰᠦᠯᠵᠢᠶᠡᠨ ᠳᠡᠭᠡᠷ᠎ᠡ ᠬᠦᠰᠡᠯ ᠡᠷᠡᠮᠡᠯᠵᠡᠯ ᠢᠶᠠᠨ ᠲᠠᠭᠯᠠᠬᠤ ᠰᠣᠷᠢᠯᠲᠠ ᠳᠤ ᠴᠠᠭ ᠲᠠᠭᠠᠨ ᠣᠷᠣᠯᠴᠠᠬᠤ ᠶᠢ ᠮᠡᠳᠡᠭᠳᠡᠭᠡᠷᠡᠢ᠃                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ                          ᠰᠤᠷᠤᠭᠴᠢ ᠡᠯᠰᠡᠬᠦ ᠰᠢᠯᠭᠠᠯᠲᠠ ᠶᠢᠨ ᠲᠥᠪ                                      2016 ᠣᠨ ᠤ 6 ᠳ᠋ᠤᠭᠠᠷ ᠰᠠᠷ᠎ᠠ ᠶᠢᠨ 22᠎ ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号