ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠨ ᠰᠤᠷᠤᠭᠴᠢ ᠰᠢᠯᠭᠠᠯᠲᠠ ᠶᠢᠨ ᠬᠢᠷᠢ ᠪᠦᠲᠦᠮᠵᠢ ᠳᠡᠭᠡᠨ ᠮᠠᠳᠠᠭ ᠲᠠᠢ ᠪᠠᠶᠢᠪᠠᠯ 23᠎ ~ 25᠎ ᠤ ᠡᠳᠦᠷ ᠲᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ
ᠨᠡᠶᠢᠲᠡᠯᠡᠭᠰᠡᠨ ᠴᠠᠭ᠄
2016/6/24
     ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠨ ᠰᠤᠷᠤᠭᠴᠢᠳ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠭᠰᠡᠨ ᠤ ᠳᠠᠷᠠᠭ᠎ᠠ᠂ ᠰᠢᠯᠭᠠᠭᠤᠯᠤᠭᠴᠢᠳ ᠬᠡᠷᠪᠡ ᠬᠢᠷᠢ ᠪᠦᠲᠦᠮᠵᠢ ᠳᠡᠭᠡᠨ ᠮᠠᠳᠠᠭ ᠲᠠᠢ ᠪᠠᠶᠢᠪᠠᠯ ᠲᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠂ ᠭᠤᠶᠤᠴᠢᠯᠠᠬᠤ ᠴᠠᠭ ᠨᠢ 6 ᠳ᠋ᠤᠭᠠᠷ ᠰᠠᠷ᠎ᠠ ᠶᠢᠨ 23᠎ ᠤ ᠡᠳᠦᠷ ᠤᠨ 9 ᠴᠠᠭ ᠠᠴᠠ 25᠎ ᠤ ᠡᠳᠦᠷ ᠤᠨ 17 ᠴᠠᠭ ᠪᠣᠯᠲᠠᠯ᠎ᠠ᠂ ᠬᠤᠭᠤᠴᠠᠭ᠎ᠠ ᠨᠢ ᠬᠡᠲᠦᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃      ᠲᠡᠭᠢᠨ ᠬᠢᠨᠠᠬᠤ ᠪᠣᠳᠠᠲᠠᠶ ᠵᠢᠷᠤᠮ ᠨᠢ᠄ ᠰᠢᠯᠭᠠᠭᠤᠯᠤᠭᠴᠢ ᠪᠡᠶ᠎ᠡ ᠶᠢᠨ ᠦᠨᠡᠮᠯᠡᠯ ᠪᠠ ︽ᠰᠢᠯᠭᠠᠭᠤᠯᠬᠤ ᠶᠢ ᠵᠥᠪᠰᠢᠶᠡᠷᠡᠭᠰᠡᠨ ᠦᠨᠡᠮᠯᠡᠯ︾᠎ ᠢᠶᠠᠨ ᠠᠪᠴᠤ᠂ ᠥᠪᠡᠷ ᠤᠨ ᠨᠡᠷ᠎ᠡ ᠮᠡᠳᠡᠭᠦᠯᠦᠭᠰᠡᠨ ᠬᠤᠰᠢᠭᠤ ︵ᠰᠢᠶᠠᠨ᠂ ᠬᠤᠲᠠ᠂ ᠲᠤᠭᠤᠷᠢᠭ᠂ ᠳᠣᠷᠣᠭᠰᠢ ᠬᠤᠰᠢᠭᠤ ᠰᠢᠶᠠᠨ ᠭᠡᠵᠦ ᠲᠣᠪᠴᠢᠯᠠᠨ᠎ᠠ︶᠎ ᠶᠢᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠳᠠᠬᠢᠨ ᠬᠢᠨᠠᠭᠤᠯᠬᠤ ᠭᠤᠶᠤᠴᠢᠯᠠᠯ ᠳᠤᠷᠠᠳᠴᠤ᠂ ︽2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠨ ᠰᠤᠷᠤᠭᠴᠢᠳ ᠤᠨ ᠰᠢᠯᠭᠠᠯᠲᠠ ᠶᠢᠨ ᠰᠢᠯᠭᠠᠭᠰᠠᠨ ᠬᠢᠷᠢ ᠪᠦᠲᠦᠮᠵᠢ ᠪᠠᠨ ᠲᠠᠬᠢᠨ ᠬᠢᠨᠠᠭᠤᠯᠬᠤ ᠭᠤᠶᠤᠴᠢᠯᠠᠯ ᠤᠨ ᠳᠠᠩᠰᠠᠯᠠᠯᠲᠠ ᠶᠢᠨ ᠬᠦᠰᠦᠨᠦᠭᠲᠦ︾ ︵ᠳᠣᠷᠣᠭᠰᠢ ︽ᠳᠠᠩᠰᠠᠯᠠᠯᠲᠠ ᠶᠢᠨ ᠬᠦᠰᠦᠨᠦᠭᠲᠦ︾ ᠭᠡᠵᠦ ᠲᠣᠪᠴᠢᠯᠠᠨ᠎ᠠ︶᠎ ᠶᠢ ᠲᠠᠭᠯᠠᠨ᠎ᠠ᠃      ᠬᠤᠰᠢᠭᠤ ᠰᠢᠶᠠᠨ ᠤ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ︽ᠳᠠᠩᠰᠠᠯᠠᠯᠲᠠ ᠶᠢᠨ ᠬᠦᠰᠦᠨᠦᠭᠲᠦ︾᠎ ᠶᠢᠨ ᠠᠭᠤᠯᠭ᠎ᠠ ᠶᠣᠰᠣᠭᠠᠷ᠂ ︽ᠬᠤᠰᠢᠭᠤ ᠰᠢᠶᠠᠨ ᠤ ᠠᠵᠢᠯᠯᠠᠬᠤ ᠲᠠᠪᠴᠠᠩ︾᠎ ᠢᠶᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠰᠢᠯᠭᠠᠭᠤᠯᠤᠭᠴᠢ ᠶᠢᠨ ᠬᠢᠷᠢ ᠪᠦᠲᠦᠮᠵᠢ ᠶᠢ ᠳᠠᠬᠢᠨ ᠬᠢᠨᠠᠭᠤᠯᠬᠤ ᠭᠤᠶᠤᠴᠢᠯᠠᠯ ᠢ ᠳᠡᠪᠰᠢᠭᠦᠯᠦᠨ ᠲᠤᠰᠢᠶᠠᠨ᠎ᠠ᠃ ᠲᠤᠰᠢᠶᠠᠭᠰᠠᠨ ᠤ ᠳᠠᠷᠠᠭ᠎ᠠ᠂ ᠰᠢᠯᠭᠠᠭᠤᠯᠤᠭᠴᠢ ᠳᠤ ᠨᠤᠲᠠᠯᠠᠭᠰᠠᠨ ᠴᠠᠬᠢᠮ ᠮᠡᠳᠡᠭᠡ ᠥᠭᠭᠦᠨ᠎ᠡ᠃      ᠰᠢᠯᠭᠠᠭᠤᠯᠤᠭᠴᠢ ᠶᠢᠨ ᠬᠠᠷᠢᠭᠤᠯᠲᠠ ᠶᠢᠨ ᠬᠠᠭᠤᠳᠠᠰᠤ ᠶᠢ ᠳᠠᠬᠢᠨ ᠬᠢᠨᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠰᠢᠯᠭᠠᠭᠤᠯᠤᠭᠴᠢ ᠶᠢᠨ ᠬᠠᠷᠢᠭᠤᠯᠲᠠ ᠶᠢᠨ ᠬᠠᠭᠤᠳᠠᠰᠤ ᠶᠢ ᠳᠠᠬᠢᠨ ᠬᠢᠨᠠᠬᠤ ᠠᠵᠢᠯ ᠢ ᠬᠠᠷᠢᠭᠤᠴᠠᠨ᠎ᠠ᠃ ᠬᠢᠷᠢ ᠪᠦᠲᠦᠮᠵᠢ ᠪᠠᠨ ᠳᠠᠬᠢᠨ ᠬᠢᠨᠠᠭᠤᠯᠤᠭᠰᠠᠨ ᠬᠤᠶᠢᠨ᠎ᠠ᠂ ᠰᠢᠯᠭᠠᠭᠤᠯᠤᠭᠴᠢ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http://www1.nm.zsks.cn/kscx/︶᠎ ᠳᠤ ᠭᠠᠷᠴᠤ ᠰᠢᠯᠭᠠᠭᠤᠯᠤᠭᠴᠢ ᠶᠢᠨ ᠨᠣᠮᠧᠷ᠂ ᠨᠢᠭᠤᠴᠠ ᠨᠣᠮᠧᠷ᠂ ᠳᠠᠬᠢᠨ ᠬᠢᠨᠠᠭᠤᠯᠬᠤ ᠪᠠᠷ ᠭᠤᠶᠤᠴᠢᠯᠠᠭᠰᠠᠨ ᠪᠠᠶᠢᠳᠠᠯ ᠵᠢᠴᠢ ᠲᠠᠬᠢᠨ ᠬᠢᠨᠠᠭᠰᠠᠨ ᠦᠷ᠎ᠡ ᠳ᠋ᠦᠩ ᠢ ᠯᠠᠪᠯᠠᠵᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠰᠦᠯᠵᠢᠶᠡᠨ ᠳᠡᠭᠡᠷ᠎ᠡ ᠠᠴᠠ ᠪᠠᠶᠢᠴᠠᠭᠠᠨ ᠯᠠᠪᠯᠠᠬᠤ ᠶᠢ ᠲᠤᠰ ᠬᠥᠮᠦᠨ ᠳᠤᠨᠢ ᠴᠠᠬᠢᠮ ᠮᠡᠳᠡᠭᠡ ᠪᠠᠷ ᠮᠡᠳᠡᠭᠳᠡᠨ᠎ᠠ᠃      ᠰᠢᠯᠭᠠᠭᠰᠠᠨ ᠬᠢᠷᠢ ᠪᠦᠲᠦᠮᠵᠢ ᠪᠠᠨ ᠳᠠᠬᠢᠨ ᠬᠢᠨᠠᠭᠤᠯᠬᠤ ᠪᠠᠷ ᠭᠤᠶᠤᠴᠢᠯᠠᠬᠤ ᠳᠤ ᠬᠢᠴᠢᠶᠡᠯ ᠲᠥᠷᠥᠯ ᠤᠨ ᠰᠢᠯᠭᠠᠯᠲᠠ ᠭᠡᠵᠦ ᠬᠢᠵᠠᠭᠠᠷᠯᠠᠬᠤ ᠦᠭᠡᠢ᠂ ᠭᠡᠪᠡᠴᠦ ᠨᠢᠭᠡ ᠲᠥᠷᠥᠯ ᠤᠨ ᠬᠢᠴᠢᠶᠡᠯ ᠢ ᠵᠥᠪᠬᠡᠨ ᠨᠢᠭᠡ ᠯᠡ ᠤᠳᠠᠭ᠎ᠠ ᠳᠠᠬᠢᠨ ᠬᠢᠨᠠᠭᠤᠯᠵᠤ ᠪᠣᠯᠤᠨ᠎ᠠ᠃ ᠳᠠᠬᠢᠨ ᠬᠢᠨᠠᠭᠤᠯᠬᠤ ᠭᠤᠶᠤᠴᠢᠯᠠᠯ ᠤᠨ ᠠᠭᠤᠯᠭ᠎ᠠ ᠳᠤ᠄ ᠰᠡᠳᠦᠪ ᠬᠠᠷᠢᠭᠤᠯᠬᠤ ᠺᠠᠷᠲ ᠨᠢ ᠭᠤᠶᠤᠴᠢᠯᠠᠭᠴᠢ ᠶᠢᠨ ᠲᠤᠰᠢᠶᠠᠭᠰᠠᠨ ᠰᠢᠯᠭᠠᠯᠲᠠ ᠶᠢᠨ ᠬᠠᠭᠤᠳᠠᠰᠤ ᠮᠥᠨ ᠡᠰᠡᠬᠦ᠂ ᠬᠢᠨᠠᠬᠤ ᠳᠠᠭᠠᠨ ᠭᠡᠭᠡᠵᠦ ᠣᠷᠬᠢᠭᠳᠠᠭᠤᠯᠤᠭᠰᠠᠨ ᠦᠵᠡᠭᠳᠡᠯ ᠣᠷᠣᠰᠢᠬᠤ ᠡᠰᠡᠬᠦ᠂ ᠬᠤᠪᠢ ᠶᠢ ᠨᠡᠶᠢᠯᠡᠭᠦᠯᠦᠨ ᠪᠣᠳᠣᠭᠰᠠᠨ ᠨᠢ ᠲᠠᠰᠢᠶᠠᠷᠠᠭᠰᠠᠨ ᠡᠰᠡᠬᠦ᠂ ᠶᠡᠷᠦᠩᠬᠡᠶ ᠬᠤᠪᠢ ᠨᠢ ᠰᠢᠯᠭᠠᠭᠤᠯᠤᠭᠴᠢ ᠶᠢᠨ ᠨᠡᠶᠢᠲᠡᠯᠡᠭᠰᠡᠨ ᠬᠤᠪᠢ ᠲᠠᠢ ᠠᠳᠠᠯᠢᠬᠠᠨ ᠡᠰᠡᠬᠦ᠃ ᠰᠢᠯᠭᠠᠯᠲᠠ ᠶᠢ ᠴᠢᠩᠭ᠎ᠠ ᠰᠤᠯᠠ ᠦᠵᠡᠭᠰᠡᠨ ᠠᠰᠠᠭᠤᠳᠠᠯ ᠬᠢᠷᠢ ᠪᠦᠲᠦᠮᠵᠢ ᠶᠢᠨ ᠳᠠᠬᠢᠨ ᠬᠢᠨᠠᠬᠤ ᠬᠡᠪᠴᠢᠶᠡᠨ ᠳᠤ ᠪᠠᠭᠲᠠᠬᠤ ᠦᠭᠡᠢ᠃ ᠰᠢᠯᠭᠠᠭᠤᠯᠤᠭᠴᠢᠳ ᠰᠡᠳᠦᠪ ᠵᠢᠴᠢ ᠰᠢᠷᠪᠢᠭᠰᠡᠨ ᠰᠡᠭᠦᠳᠡᠷ ᠢ ᠠᠪᠴᠤ ᠦᠵᠡᠬᠦ ᠪᠠᠷ ᠭᠤᠶᠤᠴᠢᠯᠠᠬᠤ ᠶᠢ ᠬᠦᠯᠢᠶᠡᠨ ᠰᠢᠢᠳᠪᠦᠷᠢᠯᠡᠬᠦ ᠦᠭᠡᠢ᠃      ᠰᠢᠯᠭᠠᠭᠤᠯᠤᠭᠴᠢ ᠶᠢᠨ ᠬᠢᠷᠢ ᠪᠦᠲᠦᠮᠵᠢ ᠶᠢ ᠳᠠᠬᠢᠨ ᠬᠢᠨᠠᠬᠤ ᠳᠤ᠂ ᠬᠡᠷᠪᠡ ᠦᠨᠡᠬᠡᠷ ᠪᠤᠷᠤᠭᠤᠳᠠᠭᠰᠠᠨ ᠢ ᠣᠯᠵᠤ ᠮᠡᠳᠡᠪᠡᠯ᠂ ᠰᠢᠯᠭᠠᠭᠤᠯᠤᠭᠴᠢ ᠶᠢᠨ ᠬᠢᠷᠢ ᠪᠦᠲᠦᠮᠵᠢ ᠶᠢ ᠮᠡᠳᠡᠭᠦᠯᠦᠨ ᠵᠥᠪᠰᠢᠶᠡᠷᠡᠭᠦᠯᠬᠦ ᠭᠠᠷᠲᠠᠮ ᠢ ᠴᠢᠩᠭ᠎ᠠ ᠬᠢᠨᠠᠮᠠᠭᠠᠢ ᠬᠢᠵᠦ᠂ ᠲᠤᠰᠬᠠᠶ ᠬᠥᠮᠦᠨ ᠵᠣᠬᠢᠶᠠᠨ ᠪᠠᠶᠢᠭᠤᠯᠤᠨ ᠵᠠᠯᠠᠷᠠᠭᠤᠯᠤᠭᠠᠳ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠰᠤᠷᠤᠭᠴᠢ ᠶᠢᠨ ᠦᠢᠯᠡᠴᠢᠯᠡᠭᠡᠨ ᠤ ᠲᠠᠪᠴᠠᠩ ᠳᠤ ᠨᠡᠶᠢᠲᠡᠯᠡᠨ᠎ᠡ᠃ ᠰᠢᠯᠭᠠᠭᠤᠯᠤᠭᠴᠢ ᠶᠢᠨ ᠬᠢᠷᠢ ᠪᠦᠲᠦᠮᠵᠢ ᠶᠢᠨ ᠬᠤᠪᠢ ᠶᠢ ᠴᠥᠮ ᠳᠠᠬᠢᠨ ᠬᠢᠨᠠᠭᠰᠠᠨ ᠤ ᠳᠠᠷᠠᠭᠠᠬᠢ ᠬᠤᠪᠢ ᠪᠠᠷ ᠪᠠᠷᠢᠮᠵᠢᠶ᠎ᠠ ᠪᠣᠯᠭᠠᠨ᠎ᠠ᠃      ᠰᠢᠯᠭᠠᠭᠤᠯᠤᠭᠴᠢ ᠶᠢᠨ ᠬᠢᠷᠢ ᠪᠦᠲᠦᠮᠵᠢ ᠶᠢ ᠳᠠᠬᠢᠨ ᠬᠢᠨᠠᠬᠤ ᠬᠤᠭᠤᠴᠠᠭᠠᠨ ᠳᠤ᠂ ᠬᠢᠷᠢ ᠪᠦᠲᠦᠮᠵᠢ ᠶᠢᠨ ᠠᠯᠳᠠᠭ᠎ᠠ ᠠᠴᠠ ᠪᠣᠯᠵᠤ ᠪᠤᠷᠤᠭᠤ ᠰᠤᠷᠤᠭᠴᠢ ᠡᠯᠰᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ᠤᠨ ᠠᠯᠪᠠᠨ ᠭᠡᠷ ᠠᠴᠠ ᠰᠢᠯᠭᠠᠭᠤᠯᠤᠭᠴᠢ ᠶᠢᠨ ᠵᠥᠪᠰᠢᠶᠡᠷᠡᠯ ᠢ ᠣᠯᠤᠭᠰᠠᠨ ᠰᠠᠭᠤᠷᠢᠨ ᠳᠡᠭᠡᠷ᠎ᠡ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢ ᠵᠣᠬᠢᠴᠠᠭᠤᠯᠵᠤ ᠵᠣᠬᠢᠰᠲᠠᠶ ᠰᠢᠢᠳᠪᠦᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号