| ᠡᠬᠢᠯᠡᠯᠲᠡ ᠶᠢᠨ ᠶᠣᠰᠣᠯᠠᠯ ᠳᠡᠭᠡᠷ᠎ᠡ ᠰᠢᠯᠢᠳᠡᠭ ᠵᠦᠴᠦᠭᠡ ︽ᠬᠠᠯᠠᠭᠤᠨ ᠦᠯᠦᠭᠡᠢ︾ ᠶᠢ ᠲᠣᠭᠯᠠᠵᠤ ᠪᠠᠶᠢᠭ᠎ᠠ | ᠨᠢ | | 6 ᠳ᠋ᠤᠭᠠᠷ ᠰᠠᠷ᠎ᠠ ᠶᠢᠨ 25 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠲᠤᠮᠳᠠᠳᠤ ᠤᠯᠤᠰ · | ᠦᠪᠦᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ ᠨᠠᠶᠢᠷ ᠡᠬᠢᠯᠡᠪᠡ᠃ ᠰᠢᠯᠢᠳᠡᠭ ᠵᠦᠴᠦᠭᠡ ︽ᠬᠠᠯᠠᠭᠤᠨ | ᠦᠯᠦᠭᠡᠢ︾ ᠶᠢ ᠤᠯᠠᠭᠠᠨ ᠲᠢᠶᠠᠲᠷ ᠲᠤ ᠲᠣᠭᠯᠠᠪᠠ ᠃ | ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠴᠡᠷᠢᠭ ᠤᠨ ᠤᠳᠤᠷᠢᠳᠤᠯᠭ᠎ᠠ ᠸᠠᠩ ᠵᠢᠶᠦ᠋ᠨ᠂ ᠷᠧᠨ ᠶᠠ ᠫᠢᠩ | ᠂ ᠯᠢ ᠵᠢᠶᠠ᠂ ᠯᠢ ᠫᠧᠩ ᠰᠢᠨ᠂ ᠹᠦ᠋ ᠲᠠᠢ ᠽᠧᠩ᠂ ᠵᠠᠩ ᠶᠤᠸᠠᠨ ᠵᠦᠩ᠂ ᠦ᠋ ᠲᠤᠸᠠᠨ ᠶᠢᠩ᠂ ᠭᠤᠤ ᠬᠤᠩ | ᠭᠤᠸᠠᠩ᠂ ᠰᠢᠶᠤᠤ ᠹᠠᠩ ᠵᠢᠦᠢ ᠡᠬᠢᠯᠡᠯᠳᠡ ᠶᠢᠨ ᠶᠤᠰᠤᠯᠠᠯ ᠳᠤ ᠤᠷᠤᠯᠴᠠᠵᠤ ᠲᠤᠭᠯᠠᠯᠳᠠ ᠰᠤᠨᠢᠷᠬᠠᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ | ᠳᠠᠷᠤᠭ᠎ᠠ ᠤᠯᠠᠭᠠᠨ ᠡᠬᠢᠯᠡᠯᠳᠡ ᠶᠢᠨ ᠶᠤᠰᠤᠯᠠᠯ ᠳᠡᠭᠡᠷ᠎ᠡ ᠶᠠᠷᠢᠶ᠎ᠠ ᠳᠠᠯᠪᠢᠪᠠ᠃ | ᠤᠯᠠᠭᠠᠨ ᠶᠠᠷᠢᠶᠠᠨ ᠳᠠᠭᠠᠨ᠂ ᠳᠠᠯ᠎ᠠ ᠨᠤᠳᠤᠭ ᠪᠤᠯ ᠦᠪᠦᠷ ᠮᠤᠩᠭᠤᠯ ᠤᠨ ᠨᠡᠷ᠎ᠡ ᠶᠢᠨ ᠬᠠᠭᠤᠳᠠᠰᠤ᠂ ᠳᠠᠯ᠎ᠠ | ᠨᠤᠳᠤᠭ ᠤᠨ ᠰᠤᠶᠤᠯ ᠪᠤᠯ ᠲᠤᠰ ᠨᠡᠷ᠎ᠡ ᠶᠢᠨ ᠬᠠᠭᠤᠳᠠᠰᠤ ᠶᠢᠨ ᠦᠨᠳᠦᠰᠦ ᠪᠠ ᠰᠦᠭ ᠰᠦᠨᠡᠰᠦ ᠪᠤᠯᠤᠨ᠎ᠠ᠃ ᠤᠯᠠᠨ | ᠵᠢᠯ ᠤᠨ ᠲᠤᠷᠰᠢ᠂ ᠳᠤᠮᠳᠠᠳᠤ ᠤᠯᠤᠰ · ᠦᠪᠦᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ ᠨᠠᠶᠢᠷ ᠳᠠᠯ᠎ᠠ | ᠨᠤᠳᠤᠭ ᠤᠨ ᠰᠤᠶᠤᠯ ᠢ ᠤᠯᠠᠮᠵᠢᠯᠠᠨ ᠪᠠᠳᠠᠷᠠᠭᠤᠯᠵᠤ᠂ ᠰᠤᠳᠤᠨ ᠪᠦᠳᠦᠭᠡᠯ ᠢ ᠳᠡᠯᠭᠡᠨ ᠦᠵᠡᠭᠦᠯᠬᠦ ᠪᠠᠷ ᠨᠠᠶᠢᠷ | ᠡᠷᠬᠢᠯᠡᠬᠦ ᠵᠤᠷᠢᠯᠳᠠ ᠪᠤᠯᠭᠠᠵᠤ᠂ ᠬᠤᠭᠤᠴᠠᠭ᠎ᠠ ᠪᠦᠷᠢ ᠶᠢᠨ ᠳᠠᠯ᠎ᠠ ᠨᠤᠳᠤᠭ ᠤᠨ ᠰᠤᠶᠤᠯ ᠤᠨ ᠨᠠᠶᠢᠷ ᠨᠢ ᠪᠦᠷ ᠨᠢᠭᠡᠨ | ᠤᠳᠠᠭᠠᠨ ᠤ ᠰᠤᠳᠤᠨ ᠪᠦᠳᠦᠭᠡᠯ ᠤᠨ ᠦᠵᠡᠭᠦᠯᠦᠯᠭᠡ ᠪᠤᠯᠵᠤ᠂ ᠳᠠᠯ᠎ᠠ ᠨᠤᠳᠤᠭ ᠤᠨ ᠰᠤᠶᠤᠯ ᠤᠨ ᠨᠠᠶᠢᠷ ᠨᠢ | ᠨᠢᠬᠡᠨᠳᠡ ᠳᠠᠯ᠎ᠠ ᠨᠤᠳᠤᠭ ᠤᠨ ᠰᠤᠶᠤᠯ ᠤᠷᠠᠯᠢᠭ ᠤᠨ ᠲᠦᠷᠦᠯ ᠳᠡᠮᠳᠡᠭ ᠢ ᠡᠬᠦᠳᠬᠦ᠂ ᠲᠠᠯ᠎ᠠ ᠨᠤᠲᠤᠭ ᠤᠨ ᠰᠤᠶᠤᠯ | ᠢ ᠪᠠᠳᠠᠷᠠᠭᠤᠯᠬᠤ᠂ ᠦᠪᠦᠷ ᠮᠤᠩᠭᠤᠯ ᠤᠨ ᠢᠳᠡ ᠰᠢᠳᠢ ᠶᠢ ᠭᠠᠶᠢᠬᠠᠭᠤᠯᠬᠤ ᠬᠠᠩᠬᠢᠨᠠᠮ᠎ᠠ ᠨᠡᠷᠡᠳᠦ ᠳᠡᠮᠳᠡᠭ ᠪᠤᠯᠵᠤ᠂ | ᠦᠪᠦᠷ ᠮᠤᠩᠭᠤᠯ ᠤᠨ ᠰᠤᠶᠤᠯ ᠤᠨ ᠪᠦᠬᠦ ᠳᠠᠯ᠎ᠠ ᠶᠢᠨ ᠭᠦᠭᠵᠢᠯᠳᠡ ᠶᠢ ᠬᠦᠴᠦᠳᠡᠢ ᠲᠦᠯᠬᠢᠨ ᠠᠬᠢᠭᠤᠯᠵᠤ᠂ | ᠰᠤᠶᠤᠯ ᠴᠡᠴᠡᠭᠯᠡᠨ ᠬᠥᠭᠵᠢᠭᠰᠡᠨ ᠦᠵᠡᠮᠵᠢ ᠶᠢᠨ ᠤᠷᠤᠨ ᠢ ᠡᠬᠦᠳᠦᠭᠰᠡᠨ ᠪᠠᠶᠢᠨ᠎ᠠ᠃ ᠤᠯᠠᠭᠠᠨ᠂ ᠲᠤᠰ | ᠬᠤᠭᠤᠴᠠᠭᠠᠨ ᠤ ᠨᠠᠶᠢᠷ ᠨᠢ ᠳᠠᠯ᠎ᠠ ᠨᠤᠳᠤᠭ ᠤᠨ ᠰᠤᠶᠤᠯ ᠤᠨ ᠨᠠᠶᠢᠷ ᠤᠨ ᠨᠠᠶᠢᠷ ᠡᠷᠬᠢᠯᠡᠬᠦ ᠵᠤᠷᠢᠯᠳᠠ ᠶᠢ | ᠦᠷᠭᠦᠯᠵᠢᠯᠡᠨ ᠪᠠᠷᠢᠮᠳᠠᠯᠠᠵᠤ᠂ ᠠᠭᠤᠯᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠠᠬᠢᠭᠤᠯᠤᠨ᠂ ᠳᠠᠯ᠎ᠠ ᠨᠤᠳᠤᠭ ᠤᠨ | ᠰᠤᠶᠤᠯ ᠤᠨ ᠨᠠᠶᠢᠷ ᠤᠨ ᠭᠤᠤᠯ ᠰᠡᠳᠦᠪᠳᠤ ᠶᠠᠷᠢᠶᠠᠨ ᠤ ᠳᠠᠪᠴᠠᠩ᠂ ᠰᠢᠯᠢᠳᠡᠭ ᠵᠦᠴᠦᠭᠡ ᠶᠢᠨ ᠦᠵᠡᠭᠦᠯᠦᠯᠭᠡ ᠶᠢᠨ | ᠲᠤᠭᠯᠠᠯᠳᠠ᠂ ᠦᠨᠳᠦᠰᠦᠲᠡᠨ ᠤ ᠺᠢᠨᠣ᠋ ᠦᠵᠡᠭᠦᠯᠦᠯᠭᠡ ᠶᠢᠨ ᠭᠠᠷᠠᠭ ᠤᠨ ᠠᠵᠢᠯᠯᠠᠭ᠎ᠠ ᠵᠡᠷᠭᠡ ᠤᠯᠠᠮᠵᠢᠯᠠᠯᠳᠤ ᠲᠦᠷᠦᠯ | ᠵᠦᠢᠯ ᠤᠨ ᠰᠠᠭᠤᠷᠢᠨ ᠳᠡᠭᠡᠷ᠎ᠡ ᠦᠪᠡᠷᠳᠡᠭᠡᠨ ᠵᠠᠰᠠᠬᠤ ᠤᠷᠤᠨ ᠤ ᠪᠦᠵᠢᠭ ᠤᠷᠠᠯᠢᠭ ᠤᠨ ᠰᠢᠯᠢᠳᠡᠭ ᠴᠢᠳᠠᠪᠤᠷᠢᠳᠠᠨ ᠤ | ᠲᠤᠰᠬᠠᠢ ᠲᠤᠭᠯᠠᠯᠳᠠ᠂ ᠦᠪᠦᠷ ᠮᠤᠩᠭᠤᠯ ᠤᠨ ᠱᠤᠭᠤᠮᠠᠯ ᠤᠷᠠᠯᠢᠭ ᠤᠨ ᠦᠵᠡᠭᠦᠯᠦᠯᠭᠡ᠂ ᠦᠪᠦᠷ ᠮᠤᠩᠭᠤᠯ ᠤᠨ | ᠱᠤᠭ ᠵᠢᠷᠤᠭ ᠤᠨ ᠪᠦᠳᠦᠭᠡᠯ ᠤᠨ ᠦᠵᠡᠭᠦᠯᠦᠯᠭᠡ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠰᠤᠶᠤᠯ ᠤᠨ ᠠᠵᠤ ᠦᠢᠯᠡᠰ ᠤᠨ ᠦᠵᠡᠰᠭᠦᠯᠡᠩ ᠵᠡᠷᠭᠡ ᠲᠦᠷᠦᠯ ᠵᠦᠢᠯ ᠢ ᠰᠢᠨ᠎ᠡ ᠪᠠᠷ ᠨᠡᠮᠡᠵᠤ᠂ ᠲᠦᠷᠦᠯ ᠵᠦᠢᠯ | ᠤᠨ ᠲᠤᠭ᠎ᠠ ᠬᠢᠬᠡᠳ ᠢᠯᠡᠷᠡᠭᠦᠯᠬᠦ ᠬᠡᠯᠪᠡᠷᠢ ᠶᠢᠨ ᠰᠢᠨ᠎ᠡ ᠳᠡᠮᠳᠡᠭᠯᠡᠯ ᠢ ᠡᠭᠦᠳᠬᠦ ᠪᠤᠯᠤᠨ᠎ᠠ᠃ ᠲᠤᠰ ᠬᠤᠭᠤᠴᠠᠭᠠᠨ ᠤ | ᠰᠤᠶᠤᠯ ᠤᠨ ᠨᠠᠶᠢᠷ ᠢᠶᠠᠷ ᠳᠠᠮᠵᠢᠭᠤᠯᠵᠤ᠂ ᠪᠦᠬᠦ ᠤᠷᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ | ᠴᠢᠨᠡᠭᠡᠯᠢᠭ ᠠᠮᠢᠳᠤᠷᠠᠯ ᠢ ᠪᠡᠶᠡᠯᠡᠬᠦᠯᠬᠦ ᠤᠷᠮ᠎ᠠ ᠵᠤᠷᠢᠭ ᠢ ᠳᠠᠶᠢᠴᠢᠯᠠᠵᠤ᠂ ᠡᠭᠡ ᠤᠯᠤᠰ ᠤᠨ ᠤᠮᠠᠷᠠᠳᠤ ᠶᠢᠨ ᠦᠵᠡᠮᠵᠢ | ᠶᠢᠨ ᠤᠷᠤᠨ ᠢᠶᠠᠨ ᠨᠡᠩ ᠦᠵᠡᠰᠭᠦᠯᠡᠩᠳᠤ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠤᠶᠤᠨ ᠤ ᠬᠦᠴᠦᠨ ᠢ | ᠤᠯᠭᠤᠵᠤ᠂ ᠤᠷᠬᠢᠯᠤᠮ᠎ᠠ ᠬᠠᠯᠠᠭᠤᠨ ᠰᠡᠳᠬᠢᠯᠭᠡ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ | ᠤᠨ ᠤᠢ ᠶᠢ ᠪᠠᠶᠠᠷᠯᠠᠨ ᠤᠬᠳᠤᠶ᠎ᠠ ᠬᠡᠵᠤ ᠬᠦᠰᠡᠨ ᠱᠠᠭᠠᠷᠳᠠᠭᠰᠠᠨ ᠪᠠᠶᠢᠨ᠎ᠠ᠃ | ᠡᠬᠢᠯᠡᠯᠳᠡ ᠶᠢᠨ ᠶᠤᠰᠤᠯᠠᠯ ᠳᠡᠭᠡᠷ᠎ᠡ᠂ ᠳᠠᠯ᠎ᠠ ᠨᠤᠳᠤᠭ ᠤᠨ ᠰᠤᠶᠤᠯ ᠤᠨ ᠨᠠᠶᠢᠷ ᠤᠨ 12 ᠵᠢᠯ ᠤᠨ | ᠡᠷᠬᠢᠴᠡᠭᠦᠯᠦᠯ ᠤᠨ ᠤᠬᠤᠷ ᠹᠢᠯᠢᠮ ᠢ ᠳᠠᠯᠪᠢᠵᠤ᠂ ᠳᠠᠯ᠎ᠠ ᠨᠤᠳᠤᠭ ᠤᠨ ᠰᠤᠶᠤᠯ ᠢ ᠤᠯᠠᠮᠵᠢᠯᠠᠨ ᠪᠠᠳᠠᠷᠠᠭᠤᠯᠵᠤ᠂ | ᠰᠤᠳᠤᠨ ᠪᠦᠳᠦᠭᠡᠯ ᠢ ᠳᠡᠯᠭᠡᠨ ᠦᠵᠡᠭᠦᠯᠵᠤ᠂ ᠰᠤᠶᠤᠯ ᠤᠨ ᠬᠦᠭᠵᠢᠯᠳᠡ ᠶᠢ ᠳᠦᠯᠬᠢᠨ ᠠᠬᠢᠭᠤᠯᠵᠤ᠂ ᠡᠶ᠎ᠡ | ᠵᠤᠬᠢᠴᠠᠩᠭᠤᠢ ᠨᠡᠶᠢᠭᠡᠮ ᠢ ᠪᠦᠳᠦᠭᠡᠨ ᠪᠠᠶᠢᠭᠤᠯᠬᠤ ᠶᠠᠪᠤᠴᠠ ᠳᠠᠬᠢ ᠴᠢᠬᠤᠯᠠ ᠦᠢᠯᠡᠳᠦᠯ ᠢ ᠬᠠᠷᠠᠭᠤᠯᠤᠭᠰᠠᠨ ᠪᠠᠶᠢᠨ᠎ᠠ | ᠃ 12 ᠵᠢᠯ ᠤᠨ ᠲᠤᠷᠰᠢ᠂ ᠳᠠᠯ᠎ᠠ ᠨᠤᠳᠤᠭ ᠤᠨ ᠰᠤᠶᠤᠯ ᠤᠨ ᠨᠠᠶᠢᠷ 12 ᠬᠤᠭᠤᠴᠠᠭᠠᠨ ᠤ ᠳᠠᠯ᠎ᠠ ᠨᠤᠳᠤᠭ ᠤᠨ | ᠰᠤᠶᠤᠯ ᠤᠨ ᠭᠤᠤᠯ ᠰᠡᠳᠦᠪᠳᠤ ᠶᠠᠷᠢᠶᠠᠨ ᠤ ᠳᠠᠪᠴᠠᠩ ᠶᠠᠪᠤᠭᠳᠠᠭᠤᠯᠵᠤ᠂ 200 ᠭᠠᠷᠤᠢ ᠵᠦᠴᠦᠭᠡ ᠵᠤᠬᠢᠶᠠᠨ | ᠪᠦᠳᠦᠭᠡᠵᠤ᠂ 40 ᠭᠠᠷᠤᠢ ᠰᠢᠯᠢᠳᠡᠭ ᠵᠦᠴᠦᠭᠡ᠂ 100 ᠭᠠᠷᠤᠢ ᠬᠢᠯᠪᠢᠬᠡᠨ ᠵᠦᠴᠦᠭᠡ ᠱᠤᠭ ᠵᠦᠴᠦᠭᠡ ᠶᠢ | ᠳᠡᠯᠭᠡᠨ ᠦᠵᠡᠭᠦᠯᠤᠨ᠂ ᠤᠷᠢᠳ ᠬᠤᠵᠢᠳ 4 ᠤᠳᠠᠭ᠎ᠠ ᠪᠦᠬᠦ ᠤᠯᠤᠰ ᠤᠨ ︽ᠳᠠᠪᠤᠨ ᠨᠢᠭᠡ ᠶᠢᠨ ᠢᠨᠵᠧᠨᠧᠷᠢᠩ︾ | ᠤᠨ ᠱᠠᠩᠨᠠᠯ᠂ ᠠᠯᠳᠠᠨ ᠳᠠᠬᠢᠶ᠎ᠠ ᠱᠠᠩᠨᠠᠯ᠂ ᠹᠸᠢ ᠲᠢᠶᠠᠨ ᠱᠠᠩᠨᠠᠯ ᠵᠡᠷᠭᠡ ᠰᠤᠶᠤᠯ ᠤᠷᠠᠯᠢᠭ ᠤᠨ ᠡᠯ᠎ᠡ ᠲᠦᠷᠦᠯ ᠤᠨ | ᠱᠠᠩᠨᠠᠯ ᠢ ᠬᠦᠷᠳᠡᠵᠠᠢ︔ 70 ᠭᠠᠷᠤᠢ ᠠᠷᠠᠳ ᠤᠨ ᠳᠤᠮᠳᠠᠬᠢ ᠦᠨᠳᠦᠰᠦᠲᠡᠨ ᠤ ᠰᠤᠶᠤᠯ ᠤᠨ ᠲᠦᠷᠦᠯ ᠵᠦᠢᠯ ᠢ | ᠳᠡᠯᠭᠡᠨ ᠦᠵᠡᠭᠦᠯᠵᠤ᠂ 150 ᠭᠠᠷᠤᠢ ᠦᠨᠳᠦᠰᠦᠲᠡᠨ ᠤ ᠺᠢᠨᠣ᠋᠂ 100 ᠭᠠᠷᠤᠢ ᠰᠢᠯᠢᠳᠡᠭ ᠵᠦᠴᠦᠭᠡ ᠦᠨᠳᠦᠰᠦᠨ | ᠱᠠᠲᠤᠨ ᠳᠤ ᠪᠠᠭᠤᠵᠤ ᠲᠤᠭᠯᠠᠯᠳᠠ ᠭᠠᠷᠭᠠᠪᠠ︔ ᠰᠤᠶᠤᠯ ᠤᠨ ᠰᠢᠨ᠎ᠡ ᠶᠢ ᠡᠭᠦᠳᠬᠦ ᠰᠢᠷᠢᠰ ᠠᠵᠢᠯᠯᠠᠭ᠎ᠠ᠂ ᠰᠤᠶᠤᠯ ᠢ | ᠭᠠᠳᠠᠭᠰᠢ ᠭᠠᠷᠭᠠᠬᠤ ᠠᠵᠢᠯᠯᠠᠭ᠎ᠠ ᠶᠢ ᠡᠷᠬᠢᠯᠡᠵᠤ᠂ ᠨᠢᠭᠡ ᠪᠦᠯᠦᠭ ᠢᠳᠡᠷ ᠵᠠᠯᠠᠭᠤ ᠤᠷᠠᠯᠢᠭ ᠤᠨ ᠴᠢᠳᠠᠪᠤᠷᠢᠳᠠᠨ ᠢ | ᠬᠦᠮᠦᠵᠢᠭᠦᠯᠤᠨ ᠭᠠᠷᠭᠠᠭᠰᠠᠨ ᠪᠠᠶᠢᠨ᠎ᠠ᠃ | ᠤᠯᠠᠭᠠᠨᠬᠠᠳᠠ ᠬᠤᠳᠠ ᠶᠢᠨ ᠦᠨᠳᠦᠰᠦᠲᠡᠨ ᠤ ᠳᠠᠭᠤᠤ ᠪᠦᠵᠢᠭ ᠤᠨ ᠬᠦᠷᠢᠶᠡᠯᠡᠩ ᠤᠨ ᠳᠤᠬᠯᠠᠬᠰᠠᠨ ︽ | ᠬᠠᠯᠠᠭᠤᠨ ᠦᠯᠦᠭᠡᠢ︾ ᠬᠡᠬᠦ ᠶᠠᠷᠢᠶᠠᠳᠤ ᠵᠦᠴᠦᠭᠡ ᠦᠵᠡᠭᠴᠢᠳ ᠲᠠᠢ ᠪᠠᠨ ᠵᠤᠯᠭᠠᠵᠤ᠂ ᠶᠠᠫᠤᠨ ᠢ ᠡᠰᠡᠷᠭᠦᠴᠡᠬᠦ | ᠳᠠᠶᠢᠨ ᠤ ᠦᠶ᠎ᠡ ᠳᠤ ᠯᠦ ᠰᠢᠶᠦ᠋ᠨ ᠤᠳᠬ᠎ᠠ ᠤᠷᠠᠯᠢᠭ ᠤᠨ ᠰᠤᠷᠭᠠᠭᠤᠯᠢ ᠤᠯᠠᠭᠠᠨᠬᠠᠳᠠ ᠳᠤ ᠰᠤᠷᠭᠠᠭᠤᠯᠢ ᠡᠷᠬᠢᠯᠡᠵᠤ | ᠂ ︽ᠳᠠᠶᠢᠨ ᠤ ᠤᠳᠤᠭ᠎ᠠ ᠪᠤᠷᠬᠢᠯᠤᠭᠰᠠᠨ ᠳᠠᠯ᠎ᠠ ᠨᠤᠳᠤᠭ ᠲᠠᠬᠢ ᠯᠦ ᠰᠢᠶᠦ᠋ᠨ ᠤᠳᠬ᠎ᠠ ᠤᠷᠠᠯᠢᠭ ᠤᠨ | ᠰᠤᠷᠭᠠᠭᠤᠯᠢ ᠶᠢᠨ ᠪᠠᠭᠰᠢ ᠰᠤᠷᠤᠭᠴᠢᠳ ᠳᠠᠶᠢᠨ ᠪᠠᠶᠢᠯᠳᠤᠭᠠᠨ ᠪᠤᠯᠤᠨ ᠬᠠᠳᠠᠭᠤ ᠪᠡᠷᠬᠡᠰᠢᠶᠡᠯᠳᠠᠢ ᠨᠦᠬᠦᠴᠡᠯ ᠲᠤᠤᠷ᠎ᠠ | ᠂ ᠠᠷᠠᠳ ᠲᠦᠮᠡᠨ ᠳᠤ ᠦᠨᠳᠦᠰᠦᠯᠡᠵᠤ᠂ ᠠᠷᠠᠳ ᠲᠦᠮᠡᠨ ᠤ ᠳᠤᠮᠳᠠ ᠬᠦᠨᠵᠡᠬᠡᠶᠢᠷᠡᠨ᠂ ᠰᠤᠶᠤᠯ ᠤᠷᠠᠯᠢᠭ ᠤᠨ | ᠰᠤᠳᠤᠨ ᠪᠦᠳᠦᠭᠡᠯ ᠢᠶᠠᠷ ᠢᠶᠠᠨ ᠤᠯᠠᠨ ᠲᠦᠮᠡᠨ ᠢ ᠬᠦᠳᠦᠯᠦᠨ ᠳᠠᠭᠠᠭᠤᠯᠵᠤ᠂ ᠶᠠᠫᠤᠨ ᠢ ᠡᠰᠡᠷᠭᠦᠴᠡᠬᠦ ᠵᠤᠷᠢᠭ | ᠰᠠᠨᠠᠭ᠎ᠠ ᠶᠢ ᠳᠠᠶᠢᠴᠢᠯᠠᠭᠰᠠᠨ ᠰᠡᠳᠬᠢᠯ ᠬᠦᠳᠡᠯᠭᠡᠮ᠎ᠡ ᠦᠯᠢᠭᠡᠷ ᠢ ᠳᠡᠯᠭᠡᠨ ᠦᠵᠡᠭᠦᠯᠵᠡᠢ᠃ | ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ · ᠦᠪᠦᠷ ᠮᠤᠩᠭᠤᠯ ᠤᠨ ᠳᠠᠯ᠎ᠠ ᠨᠤᠳᠤᠭ ᠤᠨ | ᠰᠤᠶᠤᠯ ᠤᠨ ᠨᠠᠶᠢᠷ 7 ᠳ᠋ᠤᠭᠠᠷ ᠰᠠᠷ᠎ᠠ ᠶᠢᠨ 3 ᠤ ᠡᠳᠤᠷ ᠪᠤᠯᠳᠠᠯ᠎ᠠ ᠶᠠᠪᠤᠭᠳᠠᠵᠤ᠂ ᠮᠤᠩᠭᠤᠯ ᠬᠢᠯᠪᠢᠬᠡᠨ ᠵᠦᠴᠦᠭᠡ | ᠱᠤᠭ ᠵᠦᠴᠦᠭᠡ ᠶᠢᠨ ᠲᠤᠭᠯᠠᠯᠳᠠ᠂ ᠮᠤᠩᠭᠤᠯ ᠢᠷᠠᠭᠤ ᠨᠠᠶᠢᠷᠠᠭ ᠤᠨ ᠦᠳᠡᠰᠢᠯᠡᠭᠡ᠂ ᠪᠦᠬᠦ ᠤᠷᠤᠨ ᠤ ᠰᠢᠯᠢᠳᠡᠭ | ᠪᠢᠴᠢᠯ ᠺᠢᠨᠣ᠋ ᠷᠠᠳᠢᠣ᠋ ᠵᠦᠴᠦᠭᠡ ᠶᠢᠨ ᠦᠵᠡᠭᠦᠯᠦᠯᠭᠡ ᠨᠡᠪᠳᠡᠷᠡᠭᠦᠯᠭᠡ᠂ ᠦᠨᠳᠦᠰᠦᠲᠡᠨ ᠤ ᠨᠠᠶᠢᠷᠠᠯ ᠬᠦᠭᠵᠢᠮ ᠤᠨ | ᠴᠢᠭᠤᠯᠭᠠᠨ᠂ ᠳᠠᠯ᠎ᠠ ᠨᠤᠳᠤᠭ ᠤᠨ ᠰᠤᠶᠤᠯ ᠤᠨ ᠨᠠᠶᠢᠷ ᠤᠨ 12 ᠵᠢᠯ ᠤᠨ ᠡᠷᠬᠢᠴᠡᠭᠦᠯᠦᠯ᠂ ᠳᠡᠭᠦᠰᠬᠦ ᠶᠤᠰᠤᠯᠠᠯ | ᠵᠢᠴᠢ ᠱᠠᠩᠨᠠᠯ ᠤᠯᠭᠤᠬᠤ ᠶᠤᠰᠤᠯᠠᠯ ᠵᠡᠷᠭᠡ 15 ᠲᠦᠷᠦᠯ ᠤᠨ ᠠᠵᠢᠯᠯᠠᠭ᠎ᠠ ᠶᠠᠪᠤᠭᠳᠠᠬᠤ ᠪᠤᠯᠤᠨ᠎ᠠ᠃ |