6 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠤᠶᠢᠯᠭᠠᠭᠰᠠᠨ ᠢᠶᠠᠷ᠂ ᠮᠠᠨ ᠤ ᠤᠷᠤᠨ ᠤ ᠶᠡᠭᠡ ᠳᠡᠭᠡᠳᠦ | ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠵᠤ ᠮᠡᠳᠡᠭᠦᠯᠬᠦ ᠴᠠᠭ ᠢ | ᠨᠢᠭᠡᠨᠲᠡ ᠲᠤᠭᠲᠠᠭᠠᠪᠠ᠃ | ᠪᠣᠳᠠᠲᠠᠶ ᠴᠠᠭ ᠤᠨ ᠲᠤᠬᠢᠷᠠᠭᠤᠯᠤᠯᠲᠠ ᠭᠡᠪᠡᠯ᠂ 6 ᠳ᠋ᠤᠭᠠᠷ ᠰᠠᠷ᠎ᠠ ᠶᠢᠨ 25 ᠤ ᠡᠳᠦᠷ᠂ ᠵᠢᠩᠬᠢᠨᠢ | ᠠᠩᠭᠢ ᠶᠢᠨ ᠤᠷᠢᠳᠴᠢᠯᠠᠨ ᠡᠯᠰᠡᠬᠦ A ᠪᠦᠯᠦᠭ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B ᠪᠦᠯᠦᠭ᠂ | ᠲᠤᠰᠬᠠᠶ ᠮᠡᠷᠭᠡᠵᠢᠯ ᠤᠨ ᠤᠷᠢᠳᠴᠢᠯᠠᠨ ᠡᠯᠰᠡᠬᠦ ᠪᠦᠯᠦᠭ ᠤᠨ ᠬᠢᠨ ᠠᠩᠬᠠᠳᠤᠭᠠᠷ ᠡᠷᠡᠮᠡᠯᠵᠡᠯ ᠢᠶᠠᠨ ᠮᠡᠳᠡᠭᠦᠯᠦᠨ᠎ᠡ᠃ | ᠰᠢᠯᠭᠠᠭᠤᠯᠤᠭᠴᠢᠳ ᠤᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ᠂ ᠵᠢᠩᠬᠢᠨᠢ ᠠᠩᠭᠢ ᠶᠢᠨ | ᠤᠷᠢᠳᠴᠢᠯᠠᠨ ᠡᠯᠰᠡᠬᠦ B ᠪᠦᠯᠦᠭ᠂ ᠲᠤᠰᠬᠠᠶ ᠮᠡᠷᠭᠡᠵᠢᠯ ᠤᠨ ᠤᠷᠢᠳᠴᠢᠯᠠᠨ ᠡᠯᠰᠡᠬᠦ ᠪᠦᠯᠦᠭ ᠤᠨ ᠳᠣᠲᠣᠷ᠎ᠠ ᠠᠴᠠ | ᠨᠢᠭᠡ ᠪᠦᠯᠦᠭ ᠤᠳᠠᠭ᠎ᠠ ᠶᠢ ᠰᠢᠯᠢᠨ ᠰᠣᠩᠭᠤᠵᠤ᠂ ᠴᠡᠷᠢᠭ ᠤᠨ ᠶᠠᠪᠤᠳᠠᠯ ︵ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠤᠬᠴᠢ ᠪᠠᠭᠲᠠᠨ᠎ᠠ︶᠂ ᠳᠣᠲᠣᠭᠠᠳᠤ ᠶᠢ ᠬᠠᠮᠠᠭᠠᠯᠠᠬᠤ᠂ ᠳᠣᠲᠣᠭᠠᠳᠤ ᠶᠢ ᠬᠠᠮᠠᠭᠠᠯᠠᠬᠤ ᠠᠯᠪᠠ | ᠬᠠᠭᠠᠵᠤ ᠪᠠᠶᠢᠭ᠎ᠠ᠂ ᠬᠠᠤᠯᠢ ᠴᠠᠭᠠᠵᠠ᠂ ᠪᠡᠭᠡᠵᠢᠩ ᠤᠨ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ | ᠳᠡᠭᠡᠳᠦ ᠰᠤᠷᠭᠠᠭᠤᠯᠢ ᠵᠡᠷᠭᠡ ᠲᠦᠷᠦᠯ ᠤᠨ ᠡᠷᠡᠮᠡᠯᠵᠡᠯ ᠤᠨ ᠳᠤᠮᠳᠠ ᠠᠴᠠ ᠨᠢᠭᠡ ᠶᠢ ᠨᠢ ᠰᠤᠩᠭᠤᠨ ᠲᠠᠭᠯᠠᠨ᠎ᠠ᠃ | 7 ᠳ᠋ᠤᠭᠠᠷ ᠰᠠᠷ᠎ᠠ ᠶᠢᠨ 2 ᠤ ᠡᠳᠦᠷ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠤᠨ | ᠤᠷᠠᠯᠢᠭ᠂ ᠪᠡᠶ᠎ᠡ ᠶᠢᠨ ᠲᠠᠮᠢᠷ ᠤᠨ ᠲᠥᠷᠥᠯ ᠤᠨ ᠡᠷᠡᠮᠡᠯᠵᠡᠯ ᠢᠶᠠᠨ ᠠᠩᠬ᠎ᠠ ᠤᠳᠠᠭ᠎ᠠ ᠲᠠᠭᠯᠠᠵᠤ ᠮᠡᠳᠡᠭᠦᠯᠦᠨ᠎ᠡ᠃ | 7 ᠳ᠋ᠤᠭᠠᠷ ᠰᠠᠷ᠎ᠠ ᠶᠢᠨ 6 ᠤ ᠡᠳᠦᠷ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠤᠨ | ᠡᠩ ᠤᠨ ᠨᠡᠶᠢᠭᠡᠮ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠤᠩᠭᠤᠯ ᠢᠶᠠᠷ ᠬᠢᠴᠢᠶᠡᠯᠡᠬᠦ ᠨᠡᠶᠢᠭᠡᠮ᠂ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠡᠷᠡᠮᠡᠯᠵᠡᠯ ᠢᠶᠠᠨ ᠠᠩᠬ᠎ᠠ ᠤᠳᠠᠭ᠎ᠠ ᠲᠠᠭᠯᠠᠵᠤ ᠮᠡᠳᠡᠭᠦᠯᠦᠨ᠎ᠡ᠃ ᠡᠭᠦᠨ ᠳᠤ ᠴᠡᠷᠢᠭ ᠤᠨ | ᠶᠠᠪᠤᠳᠠᠯ ︵ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠤᠬᠴᠢ ᠪᠠᠭᠲᠠᠨ᠎ᠠ︶᠂ ᠳᠣᠲᠣᠭᠠᠳᠤ ᠶᠢ ᠬᠠᠮᠠᠭᠠᠯᠠᠬᠤ᠂ | ᠳᠣᠲᠣᠭᠠᠳᠤ ᠶᠢ ᠬᠠᠮᠠᠭᠠᠯᠠᠬᠤ ᠠᠯᠪᠠ ᠬᠠᠭᠠᠵᠤ ᠪᠠᠶᠢᠭ᠎ᠠ᠂ ᠬᠠᠤᠯᠢ ᠴᠠᠭᠠᠵᠠ᠂ ᠪᠡᠭᠡᠵᠢᠩ ᠤᠨ ᠡᠯᠧᠺᠲᠷᠣᠨ ᠰᠢᠨᠵᠢᠯᠡᠬᠦ | ᠤᠬᠠᠭᠠᠨ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠵᠡᠷᠭᠡ ᠡᠷᠡᠮᠡᠯᠵᠡᠯ ᠢᠶᠠᠨ ᠲᠠᠭᠯᠠᠭᠰᠠᠨ ᠪᠦᠭᠡᠳ ᠤᠯᠤᠰ | ᠲᠦᠷᠦ ᠶᠢᠨ ᠬᠢᠨᠠᠨ ᠬᠠᠷᠭᠤᠭᠤᠯᠬᠤ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠪᠡᠶ᠎ᠡ ᠲᠠᠮᠢᠷ ᠤᠨ | ᠲᠤᠷᠰᠢᠯᠲᠠ ᠰᠢᠯᠭᠠᠯᠲᠠ ᠬᠢᠯᠭᠡᠭᠰᠡᠨ ᠦᠷ᠎ᠡ ᠳ᠋ᠦᠩ ᠨᠢ ᠬᠢᠷᠢ ᠲᠡᠩᠴᠡᠭᠰᠡᠨ ᠰᠢᠯᠭᠠᠭᠤᠯᠤᠭᠴᠢ ᠪᠤᠯ᠂ ᠤᠤᠯ | ᠡᠷᠡᠮᠡᠯᠵᠡᠯ ᠤᠨ ᠬᠠᠮᠤᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ | A ᠪᠦᠯᠦᠭ ᠤᠨ ᠬᠠᠷᠠᠭᠠᠯᠵᠠᠭᠰᠠᠨ ᠰᠠᠯᠠᠭ᠎ᠠ ᠲᠦᠷᠦᠯ ᠤᠨ ᠪᠤᠲᠠᠲᠠᠢ ᠶᠡᠭᠡ ᠳᠡᠭᠡᠳᠦ ᠰᠤᠷᠭᠠᠭᠤᠯᠢ ᠵᠢᠴᠢ ᠲᠤᠰᠬᠠᠶ | ᠮᠡᠷᠭᠡᠵᠢᠯ ᠳᠤ ᠠᠩᠬ᠎ᠠ ᠤᠳᠠᠭ᠎ᠠ ᠲᠠᠭᠯᠠᠵᠤ ᠮᠡᠳᠡᠭᠦᠯᠦᠨ᠎ᠡ︔ ᠳᠣᠲᠣᠭᠠᠳᠤ ᠶᠢ ᠬᠠᠮᠠᠭᠠᠯᠠᠬᠤ ᠳᠤ ᠡᠷᠡᠮᠡᠯᠵᠡᠯ ᠢᠶᠠᠨ | ᠲᠠᠭᠯᠠᠵᠤ ᠮᠡᠳᠡᠭᠦᠯᠦᠭᠰᠡᠨ ᠪᠦᠭᠡᠳ ᠤᠯᠤᠰ ᠲᠦᠷᠦ ᠶᠢᠨ ᠬᠢᠨᠠᠨ ᠬᠠᠷᠭᠤᠭᠤᠯᠬᠤ᠂ ᠨᠢᠭᠤᠷᠲᠠᠨ ᠰᠢᠯᠭᠠᠬᠤ᠂ | ᠪᠡᠶ᠎ᠡ ᠶᠢᠨ ᠪᠠᠶᠢᠴᠠᠭᠠᠯᠲᠠ ᠬᠢᠬᠦ᠂ ᠪᠡᠶ᠎ᠡ ᠲᠠᠮᠢᠷ ᠤᠨ ᠲᠤᠷᠰᠢᠯᠲᠠ ᠰᠢᠯᠭᠠᠯᠲᠠ ᠬᠢᠯᠭᠡᠭᠰᠡᠨ ᠦᠷ᠎ᠡ ᠳ᠋ᠦᠩ ᠨᠢ ᠬᠢᠷᠢ | ᠲᠡᠩᠴᠡᠭᠰᠡᠨ ᠰᠢᠯᠭᠠᠭᠤᠯᠤᠭᠴᠢ ᠪᠤᠯ᠂ ᠤᠤᠯ ᠡᠷᠡᠮᠡᠯᠵᠡᠯ ᠤᠨ ᠬᠠᠮᠤᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠳᠤ | ᠲᠤᠰᠬᠠᠶ ᠮᠡᠷᠭᠡᠵᠢᠯ ᠤᠨ ᠤᠷᠢᠳᠴᠢᠯᠠᠨ ᠡᠯᠰᠡᠬᠦ ᠪᠦᠯᠦᠭ ᠤᠨ ᠡᠩ ᠤᠨ ᠨᠡᠶᠢᠭᠡᠮ᠂ ᠪᠠᠶᠢᠭᠠᠯᠢ ᠶᠢᠨ ᠰᠢᠨᠵᠢᠯᠡᠬᠦ | ᠤᠬᠠᠭᠠᠨ᠂ ᠮᠤᠩᠭᠤᠯ ᠢᠶᠠᠷ ᠬᠢᠴᠢᠶᠡᠯᠡᠬᠦ ᠨᠡᠶᠢᠭᠡᠮ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠪᠣᠳᠠᠲᠠᠶ ᠶᠡᠭᠡ ᠳᠡᠭᠡᠳᠦ | ᠰᠤᠷᠭᠠᠭᠤᠯᠢ ᠵᠢᠴᠢ ᠲᠤᠰᠬᠠᠶ ᠮᠡᠷᠭᠡᠵᠢᠯ ᠳᠤ ᠠᠩᠬ᠎ᠠ ᠤᠳᠠᠭ᠎ᠠ ᠲᠠᠭᠯᠠᠵᠤ ᠮᠡᠳᠡᠭᠦᠯᠦᠨ᠎ᠡ᠃ | 7 ᠳ᠋ᠤᠭᠠᠷ ᠰᠠᠷ᠎ᠠ ᠶᠢᠨ 10 ᠤ ᠡᠳᠦᠷ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B ᠪᠦᠯᠦᠭ ᠤᠨ | ᠡᠩ ᠤᠨ ᠨᠡᠶᠢᠭᠡᠮ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠤᠩᠭᠤᠯ ᠢᠶᠠᠷ ᠬᠢᠴᠢᠶᠡᠯᠡᠬᠦ ᠨᠡᠶᠢᠭᠡᠮ᠂ ᠪᠠᠶᠢᠭᠠᠯᠢ ᠶᠢᠨ | ᠰᠢᠨᠵᠢᠯᠡᠬᠦ ᠤᠬᠠᠭᠠᠨ ᠳᠤ ᠡᠷᠡᠮᠡᠯᠵᠡᠯ ᠢᠶᠠᠨ ᠠᠩᠬ᠎ᠠ ᠤᠳᠠᠭ᠎ᠠ ᠲᠠᠭᠯᠠᠵᠤ ᠮᠡᠳᠡᠭᠦᠯᠦᠨ᠎ᠡ᠃ | 7 ᠳ᠋ᠤᠭᠠᠷ ᠰᠠᠷ᠎ᠠ ᠶᠢᠨ 14 ᠤ ᠡᠳᠦᠷ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B ᠪᠦᠯᠦᠭ ᠤᠨ | ᠤᠷᠠᠯᠢᠭ᠂ ᠪᠡᠶ᠎ᠡ ᠶᠢᠨ ᠲᠠᠮᠢᠷ ᠤᠨ ᠲᠥᠷᠥᠯ ᠳᠤ ᠡᠷᠡᠮᠡᠯᠵᠡᠯ ᠢᠶᠠᠨ ᠠᠩᠬ᠎ᠠ ᠤᠳᠠᠭ᠎ᠠ ᠲᠠᠭᠯᠠᠵᠤ ᠮᠡᠳᠡᠭᠦᠯᠦᠨ᠎ᠡ᠃ | 7 ᠳ᠋ᠤᠭᠠᠷ ᠰᠠᠷ᠎ᠠ ᠶᠢᠨ 25 ᠤ ᠡᠳᠦᠷ᠂ ᠲᠤᠰᠬᠠᠶ ᠮᠡᠷᠭᠡᠵᠢᠯ ᠤᠨ ᠤᠷᠢᠳᠴᠢᠯᠠᠨ ᠡᠯᠰᠡᠬᠦ ᠪᠦᠯᠦᠭ ︵ | ᠳᠣᠲᠣᠭᠠᠳᠤ ᠶᠢ ᠬᠠᠮᠠᠭᠠᠯᠠᠬᠤ ᠲᠦᠷᠦᠯ ᠠᠴᠠ ᠭᠠᠳᠠᠨ᠎ᠠ︶ ᠲᠤ ᠡᠷᠡᠮᠡᠯᠵᠡᠯ ᠢᠶᠠᠨ ᠠᠩᠬ᠎ᠠ ᠤᠳᠠᠭ᠎ᠠ ᠲᠠᠭᠯᠠᠵᠤ | ᠮᠡᠳᠡᠭᠦᠯᠦᠨ᠎ᠡ᠃ | 7 ᠳ᠋ᠤᠭᠠᠷ ᠰᠠᠷ᠎ᠠ ᠶᠢᠨ 13 ᠤ ᠡᠳᠦᠷ᠂ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠠᠩᠬ᠎ᠠ ᠤᠳᠠᠭ᠎ᠠ | ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠵᠤ ᠮᠡᠳᠡᠭᠦᠯᠦᠨ᠎ᠡ᠃ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ | ᠰᠤᠷᠤᠭᠴᠢ ᠡᠯᠰᠡᠵᠦ ᠳᠠᠭᠤᠰᠤᠭᠰᠠᠨ ᠤ ᠳᠠᠷᠠᠭ᠎ᠠ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ B ᠳᠤ | ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠵᠤ ᠮᠡᠳᠡᠭᠦᠯᠦᠨ᠎ᠡ᠃ | 7 ᠳ᠋ᠤᠭᠠᠷ ᠰᠠᠷ᠎ᠠ ᠶᠢᠨ 19 ᠤ ᠡᠳᠦᠷ᠂ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠲᠤ ᠰᠦᠯᠵᠢᠶᠡᠨ | ᠳᠡᠭᠡᠷ᠎ᠡ ᠠᠩᠬ᠎ᠠ ᠤᠳᠠᠭ᠎ᠠ ᠡᠷᠡᠮᠡᠯᠵᠡᠯ ᠢᠶᠠᠨ ᠲᠠᠭᠯᠠᠵᠤ ᠮᠡᠳᠡᠭᠦᠯᠦᠨ᠎ᠡ᠃ ᠵᠢᠩᠬᠢᠨᠢ ᠠᠩᠭᠢ ᠶᠢᠨ ᠬᠤᠶᠠᠳᠤᠭᠠᠷ | ᠪᠦᠯᠦᠭ ᠤᠨ ᠰᠤᠷᠤᠭᠴᠢ ᠡᠯᠰᠡᠵᠦ ᠳᠠᠭᠤᠰᠤᠭᠰᠠᠨ ᠤ ᠳᠠᠷᠠᠭ᠎ᠠ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ B | ᠳᠤ ᠰᠦᠯᠵᠢᠶᠡᠨ ᠳᠡᠭᠡᠷ᠎ᠡ ᠡᠷᠡᠮᠡᠯᠵᠡᠯ ᠢᠶᠠᠨ ᠲᠠᠭᠯᠠᠵᠤ ᠮᠡᠳᠡᠭᠦᠯᠦᠨ᠎ᠡ᠃ | 7 ᠳ᠋ᠤᠭᠠᠷ ᠰᠠᠷ᠎ᠠ ᠶᠢᠨ 27 ᠤ ᠡᠳᠦᠷ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ | ᠲᠤᠰᠬᠠᠶ ᠮᠡᠷᠭᠡᠵᠢᠯ ᠤᠨ ᠪᠦᠯᠦᠭ ᠲᠤ ᠰᠦᠯᠵᠢᠶᠡᠨ ᠳᠡᠭᠡᠷ᠎ᠡ ᠠᠩᠬ᠎ᠠ ᠤᠳᠠᠭ᠎ᠠ ᠡᠷᠡᠮᠡᠯᠵᠡᠯ ᠢᠶᠠᠨ ᠲᠠᠭᠯᠠᠵᠤ | ᠮᠡᠳᠡᠭᠦᠯᠦᠨ᠎ᠡ᠃ |