ᠤᠷᠳᠤᠰ ᠬᠤᠳᠠ ᠤᠯᠤᠰ ᠤᠨ ᠲᠡᠰ ᠤᠨ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ ᠠᠩᠬᠠᠳᠤᠭᠠᠷ ᠪᠦᠯᠦᠭ ᠲᠤᠷᠰᠢᠯᠲᠠ ᠶᠢᠨ ᠴᠢᠭ᠋ ᠤᠨ ᠬᠤᠲᠠ ᠪᠤᠯᠪᠠ
ᠨᠡᠶᠢᠲᠡᠯᠡᠭᠰᠡᠨ ᠴᠠᠭ᠄
2016/6/28
     ᠣᠶᠢᠷ᠎ᠠ ᠳᠤ᠂ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ᠂ ᠠᠷᠠᠳ ᠤᠨ ᠶᠠᠪᠤᠳᠠᠯ ᠤᠨ ᠲᠤᠪᠴᠢᠶ᠎ᠠ ᠤᠯᠤᠰ ᠤᠨ ᠳᠡᠰ ᠤᠨ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ ᠠᠩᠬᠠᠳᠤᠭᠠᠷ ᠪᠦᠯᠦᠭ ᠲᠤᠷᠰᠢᠯᠲᠠ ᠶᠢᠨ ᠴᠢᠭ᠋ ᠤᠨ ᠨᠢᠭᠡᠴᠡ ᠶᠢ ᠲᠣᠭᠲᠠᠭᠠᠬᠤ ᠲᠤᠬᠠᠶ ᠮᠡᠳᠡᠭᠳᠡᠯ ᠢ ᠨᠡᠶᠢᠲᠡᠯᠡᠵᠦ᠂ 50 ᠬᠤᠲᠠ ︵ᠲᠣᠭᠤᠷᠢᠭ︶᠎ ᠶᠢ ᠤᠯᠤᠰ ᠤᠨ ᠳᠡᠰ ᠤᠨ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ ᠠᠩᠬᠠᠳᠤᠭᠠᠷ ᠪᠦᠯᠦᠭ ᠲᠤᠷᠰᠢᠯᠲᠠ ᠶᠢᠨ ᠴᠢᠭ᠋ ᠤᠨ ᠨᠢᠭᠡᠴᠡ ᠪᠠᠷ ᠲᠤᠭᠲᠠᠭᠠᠪᠠ᠂ ᠤᠷᠳᠤᠰ ᠬᠤᠳᠠ ᠪᠤᠯ ᠡᠭᠦᠨ ᠤ ᠳᠤᠲᠤᠷᠠᠬᠢ ᠨᠢᠭᠡ ᠨᠢ ᠪᠤᠯᠤᠨ᠎ᠠ᠃ ᠤᠢᠢᠷ᠎ᠠ ᠶᠢᠨ ᠵᠢᠯ ᠤᠳ ᠲᠤ᠂ ᠬᠤᠳᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠵᠤᠬᠢᠴᠠᠭᠤᠯᠵᠤ᠂ ᠤᠷᠳᠤᠰ ᠬᠤᠳᠠ ᠶᠢᠨ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ ᠶᠢᠨ ᠬᠡᠷᠡᠭᠵᠢᠭᠦᠯᠬᠦ ᠲᠥᠰᠦᠯ ᠲᠣᠭᠲᠠᠭᠠᠨ ᠨᠡᠶᠢᠲᠡᠯᠡᠵᠦ᠂ ᠡᠯ᠎ᠡ ᠬᠤᠰᠢᠭᠤ ᠰᠢᠶᠠᠨ ᠲᠤᠭᠤᠷᠢᠭ ᠲᠤ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ ᠨᠡᠶᠢᠳᠡ 15 ᠲᠤᠷᠰᠢᠯᠲᠠ ᠶᠢ ᠡᠬᠢᠯᠡᠭᠦᠯᠪᠡ᠃ ᠠᠯᠪᠠᠨ ᠠᠴᠠ ᠪᠠᠶᠢᠭᠤᠯᠤᠭᠰᠠᠨ 5 ᠡᠮᠨᠡᠯᠭᠡ ᠶᠢᠨ ᠪᠠᠶᠢᠭᠤᠯᠤᠮᠵᠢ ᠶᠢ ᠨᠠᠰᠤᠲᠠᠨ ᠢ ᠠᠰᠠᠷᠠᠬᠤ ᠬᠦᠷᠢᠶᠡᠯᠡᠩ ᠲᠠᠢ ᠤᠶᠠᠯᠳᠤᠭᠤᠯᠬᠤ ᠶᠢ ᠲᠦᠯᠬᠢᠨ ᠠᠬᠢᠭᠤᠯᠵᠤ᠂ ᠦᠢᠯᠡᠴᠢᠯᠡᠭᠡ ᠶᠢ ᠨᠠᠰᠤᠲᠠᠨ ᠢ ᠠᠰᠠᠷᠠᠬᠤ ᠬᠦᠷᠢᠶᠡᠯᠡᠩ ᠬᠦᠷᠲᠡᠯ᠎ᠡ ᠦᠷᠬᠦᠯᠵᠢᠯᠡᠭᠦᠯᠪᠡ᠃ ᠨᠡᠶᠢᠭᠡᠮ ᠲᠣᠭᠤᠷᠢᠭ ᠪᠣᠯᠤᠨ ᠰᠢᠶᠠᠩ ᠪᠠᠯᠭᠠᠰᠤᠨ ᠤ ᠭᠡᠷ ᠲᠡᠭᠡᠨ ᠡᠮᠴᠢᠯᠡᠭᠡ ᠪᠠ ᠰᠤᠪᠢᠯᠠᠯᠲᠠ ᠬᠢᠬᠦ ᠶᠢ ᠤᠶᠠᠯᠳᠤᠭᠤᠯᠬᠤ10 ᠲᠤᠷᠰᠢᠯᠲᠠ ᠶᠢᠨ ᠴᠢᠭ᠋ ᠢ ᠪᠠᠶᠢᠭᠤᠯᠵᠤ᠂ 100 ᠤᠷᠤ ᠲᠤᠬᠢᠷᠠᠭᠤᠯᠵᠤ᠂ ᠨᠠᠰᠤᠲᠠᠶᠢᠴᠤᠳ ᠲᠤ ᠡᠳᠦᠷ ᠲᠤᠳᠤᠮ ᠤᠨ ᠠᠰᠠᠷᠠᠨ ᠰᠤᠪᠢᠯᠠᠬᠤ᠂ ᠡᠷᠡᠭᠦᠯᠵᠢᠯ ᠤᠨ ᠯᠠᠪᠯᠠᠯᠭ᠎ᠠ ᠥᠭᠬᠦ᠂ ᠤᠳᠠᠭᠠᠨ ᠴᠢᠨᠠᠷᠲᠠᠶ ᠡᠪᠡᠳᠴᠢᠨ ᠢ ᠬᠠᠮᠢᠶᠠᠷᠬᠤ᠂ ᠡᠷᠡᠭᠦᠯ ᠮᠡᠨᠳᠤ ᠶᠢᠨ ᠬᠥᠮᠦᠵᠢᠯ ᠬᠢᠬᠦ᠂ ᠮᠣᠩᠭᠤᠯ ᠬᠢᠲᠠᠳ ᠡᠮ ᠡᠮᠨᠡᠯᠭᠡ ᠡᠷᠡᠭᠦᠯ ᠮᠡᠡᠳᠦ ᠶᠢ ᠬᠠᠮᠠᠭᠠᠯᠠᠬᠤ ᠵᠡᠷᠭᠡ ᠦᠢᠯᠡᠴᠢᠯᠡᠭᠡ ᠬᠦᠷᠲᠡᠭᠡᠪᠡ᠃ ᠪᠦᠬᠦ ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠥᠲᠡᠭᠦᠰ ᠤᠨ ᠡᠪᠡᠳᠴᠢᠨ ᠤ ᠰᠠᠯᠠᠭ᠎ᠠ ᠶᠢᠨ ᠠᠯᠬᠤᠮ ᠠᠯᠬᠤᠮ ᠢᠶᠠᠷ ᠪᠠᠶᠢᠭᠤᠯᠤᠭᠰᠠᠨ ᠤ ᠬᠠᠮᠲᠤ ᠦᠲᠡᠬᠦᠰ ᠤᠨ ᠡᠪᠡᠳᠴᠢᠲᠡᠨ ᠤ ᠣᠷᠣ 300᠎ ᠶᠢ ᠲᠣᠬᠢᠷᠠᠭᠤᠯᠵᠤ᠂ ᠨᠠᠰᠤᠲᠠᠶᠢᠴᠤᠳ ᠤᠨ ᠡᠪᠡᠳᠴᠢᠨ ᠦᠵᠡᠭᠦᠯᠬᠦ ᠰᠢᠯᠤᠭᠤᠨ ᠵᠠᠮ ᠢ ᠠᠯᠬᠤᠮ ᠠᠯᠬᠤᠮ ᠢᠶᠠᠷ ᠨᠡᠪᠲᠡᠷᠡᠭᠦᠯᠵᠦ᠂ ᠳ᠋ᠤᠭᠠᠷᠯᠠᠬᠤ᠂ ᠡᠪᠡᠳᠴᠢᠨ ᠦᠵᠡᠭᠦᠯᠬᠦ᠂ ᠵᠥᠪᠯᠡᠯᠭᠡ ᠥᠭᠬᠦ ᠵᠡᠷᠭᠡ ᠳᠥᠭᠦᠮ ᠳᠥᠲᠡ ᠦᠢᠯᠡᠴᠢᠯᠡᠭᠡ ᠬᠠᠩᠭᠠᠪᠠ᠃ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠢᠶᠠᠷ ᠲᠦᠷᠦᠭᠦᠯᠡᠭᠦᠯᠦᠭᠰᠡᠨ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ 6 ᠲᠦᠷᠦᠯ ᠵᠦᠢᠯ ᠢ ᠪᠦᠬᠦ ᠬᠤᠲᠠ ᠶᠢᠨ ᠡᠷᠡᠭᠦᠯ ᠮᠡᠨᠳᠦ ᠶᠢᠨ ᠠᠵᠤ ᠦᠢᠯᠡᠰ ᠤᠨ ᠲᠥᠷᠥᠯ ᠵᠦᠢᠯ ᠳᠤ ᠤᠷᠤᠭᠤᠯᠵᠤ᠂ ᠭᠤᠣᠯᠳᠠᠯᠭ᠎ᠠ ᠲᠠᠢ ᠲᠡᠳᠬᠦᠨ ᠳᠡᠮᠵᠢᠵᠦ ᠲᠦᠯᠬᠢᠨ ᠠᠬᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号