ᠡᠨᠡ ᠵᠢᠯ ᠪᠤᠭᠤᠲᠤ ᠬᠤᠲᠠ 50.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠠ ᠤᠰᠤᠨ ᠤ | ᠪᠣᠬᠢᠷᠲᠠᠯ ᠢ ᠵᠠᠰᠠᠬᠤ ︽ᠨᠠᠢᠮᠠᠨ ᠶᠡᠭᠡ ᠢᠨᠵᠧᠨᠧᠷᠢᠩ︾ ᠢ ᠡᠬᠢᠯᠡᠭᠦᠯᠬᠦ ᠪᠠᠷ ᠪᠠᠶᠢᠨ᠎ᠠ᠃ ︽ᠨᠠᠢᠮᠠᠨ ᠶᠡᠭᠡ | ᠢᠨᠵᠧᠨᠧᠷᠢᠩ︾ ᠳᠤ ᠤᠰᠤᠨ ᠤ ᠪᠣᠬᠢᠷᠲᠤᠯ ᠢ ᠵᠠᠰᠠᠬᠤ 33 ᠲᠦᠷᠦᠯ ᠵᠦᠢᠯ ᠢ ᠲᠣᠬᠢᠷᠠᠭᠤᠯᠤᠨ ᠬᠡᠷᠡᠭᠵᠢᠭᠦᠯᠵᠦ᠂ | 50.5 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠤᠭᠤᠯᠬᠤ ᠪᠠᠷ ᠲᠦᠯᠦᠪᠯᠡᠵᠦ ᠪᠠᠶᠢᠨ᠎ᠠ᠂ ᠡᠭᠦᠨ ᠳᠤ | ᠭᠤᠣᠯᠳᠠᠯᠭ᠎ᠠ ᠲᠠᠢ ᠠᠵᠢᠯ ᠲᠦᠷᠦᠯ ᠤᠨ ᠤᠰᠤᠨ ᠤ ᠪᠣᠬᠢᠷᠲᠤᠯ ᠢ ᠵᠠᠰᠠᠬᠤ ᠢᠨᠵᠧᠨᠧᠷᠢᠩ 18 ᠵᠦᠢᠯ ᠪᠠᠭᠲᠠᠨ᠎ᠠ︔ | ᠬᠤᠳᠠ ᠪᠠᠯᠭᠠᠰᠤᠨ ᠤ ᠪᠣᠬᠢᠷᠲᠠᠯ ᠤᠰᠤ ᠶᠢ ᠴᠡᠪᠡᠷᠰᠢᠭᠦᠯᠬᠦ᠂ ᠬᠠᠮᠢᠶᠠᠷᠤᠯᠲᠠ ᠶᠢᠨ ᠲᠣᠣᠷ ᠤᠨ ᠪᠥᠳᠥᠭᠡᠨ | ᠪᠠᠶᠢᠭᠤᠯᠤᠯᠲᠠ ᠵᠢᠴᠢ ᠪᠤᠵᠠᠷ ᠰᠢᠪᠠᠷ ᠢ ᠰᠢᠢᠳᠪᠦᠷᠢᠯᠡᠬᠦ ᠲᠦᠷᠦᠯ ᠤᠨ ᠪᠠᠷᠢᠯᠭ᠎ᠠ 4 ᠪᠠᠶᠢᠨ᠎ᠠ︔ ᠠᠵᠤ ᠦᠢᠯᠡᠳᠪᠦᠷᠢ | ᠲᠥᠪᠯᠡᠷᠡᠩᠭᠦᠢ ᠣᠷᠣᠨ ᠤ ᠪᠣᠬᠢᠷᠲᠤᠯ ᠢ ᠲᠦᠪᠯᠡᠷᠡᠭᠦᠯᠦᠨ ᠵᠠᠰᠠᠬᠤ ᠲᠦᠷᠦᠯ ᠤᠨ ᠪᠠᠷᠢᠯᠭ᠎ᠠ 1 ᠪᠠᠶᠢᠨ᠎ᠠ︔ ᠤᠰᠤᠨ ᠤ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠬᠢᠭᠡᠳ ᠠᠮᠢ ᠠᠬᠤᠶ ᠶᠢ ᠵᠠᠰᠠᠨ ᠰᠡᠷᠭᠦᠭᠡᠬᠦ ᠲᠦᠷᠦᠯ ᠤᠨ | ᠪᠠᠷᠢᠯᠭ᠎ᠠ 3 ᠪᠤᠶ︔ ᠭᠠᠵᠠᠷ ᠳᠣᠣᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠢᠭᠡᠳ ᠣᠷᠴᠢᠨ ᠲᠣᠭᠤᠷᠢᠨ | ᠢ ᠵᠠᠰᠠᠨ ᠰᠡᠷᠭᠦᠭᠡᠬᠦ ᠲᠦᠷᠦᠯ ᠤᠨ ᠪᠠᠷᠢᠯᠭ᠎ᠠ 1 ᠪᠠᠶᠢᠨ᠎ᠠ︔ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ ᠲᠦᠷᠦᠯ ᠤᠨ ᠪᠠᠷᠢᠯᠭ᠎ᠠ 3 ᠪᠠᠶᠢᠬᠤ ᠪᠠ ᠬᠤᠳᠠ ᠶᠢᠨ ᠬᠠᠷ᠎ᠠ ᠦᠮᠡᠬᠡᠶ ᠤᠰᠤᠨ ᠴᠣᠭᠴᠠ ᠶᠢ ᠵᠠᠰᠠᠬᠤ | ᠲᠦᠷᠦᠯ ᠤᠨ ᠪᠠᠷᠢᠯᠭ᠎ᠠ 3 ᠪᠣᠢ᠃ ᠣᠳᠣᠬᠠᠨ ᠳᠤ ᠲᠤᠷᠰᠢᠨ ᠠᠵᠢᠯᠯᠠᠭᠤᠯᠵᠤ ᠪᠠᠶᠢᠬᠤ ᠨᠢ 9 ᠵᠦᠢᠯ᠂ ᠪᠠᠶᠢᠭᠤᠯᠵᠤ | ᠪᠠᠶᠢᠭ᠎ᠠ ᠨᠢ 21᠂ ᠠᠵᠢᠯ ᠡᠬᠢᠯᠡᠭᠡᠳᠦᠢ ᠨᠢ 3 ᠪᠠᠶᠢᠨ᠎ᠠ᠃ ᠡᠭᠦᠨ ᠠᠴᠠ ᠭᠠᠳᠠᠨ᠎ᠠ᠂ ︽ᠨᠠᠢᠮᠠᠨ ᠶᠡᠭᠡ ᠢᠨᠵᠧᠨᠧᠷᠢᠩ | ︾ ᠢ ᠤᠷᠤᠭᠰᠢᠲᠠᠶ ᠬᠡᠷᠡᠭᠵᠢᠭᠦᠯᠬᠦ ᠳᠤ ᠬᠠᠮᠵᠢᠯᠴᠠᠬᠤ ᠶᠢᠨ ᠲᠤᠰᠠᠳᠠ᠂ ᠣᠳᠣ ᠪᠣᠯᠲᠠᠯ᠎ᠠ ᠪᠦᠬᠦ ᠬᠤᠲᠠ ᠬᠠᠤᠯᠢ | ᠬᠡᠷᠡᠭᠵᠢᠭᠦᠯᠬᠦ ᠠᠵᠢᠯᠲᠠᠨ ᠢ ᠨᠡᠶᠢᠲᠡ 4000 ᠭᠠᠷᠤᠶ ᠬᠥᠮᠦᠨ ︵ᠤᠳᠠᠭ᠎ᠠ︶ ᠬᠦᠳᠡᠯᠭᠡᠵᠦ᠂ 1800 ᠭᠠᠷᠤᠶ | ᠠᠵᠤ ᠠᠬᠤᠶᠢᠯᠠᠯ ᠢ ᠪᠠᠶᠢᠴᠠᠭᠠᠵᠤ᠂ 400 ᠭᠠᠷᠤᠶ ᠰᠠᠭᠤᠷᠢ ︵ᠢᠵᠢ︶ ᠪᠣᠬᠢᠷᠲᠤᠯ ᠢ ᠰᠡᠷᠭᠡᠶᠢᠯᠡᠨ ᠵᠠᠰᠠᠬᠤ | ᠲᠥᠬᠦᠭᠡᠷᠦᠮᠵᠢ ᠶᠢ ᠪᠠᠶᠢᠴᠠᠭᠠᠪᠠ᠃ |