ᠴᠡᠷᠢᠭ ᠤᠨ ᠶᠠᠪᠤᠳᠠᠯ ︵ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠤᠭᠴᠢ ᠪᠠᠭᠲᠠᠨ᠎ᠠ︶᠂ | ᠳᠣᠲᠣᠭᠠᠳᠤ ᠶᠢ ᠬᠠᠮᠠᠭᠠᠯᠠᠬᠤ᠂ ᠳᠣᠲᠣᠭᠠᠳᠤ ᠶᠢ ᠬᠠᠮᠠᠭᠠᠯᠠᠬᠤ ᠴᠡᠷᠢᠭ ᠤᠨ ᠠᠯᠪᠠ ᠬᠠᠭᠠᠬᠤ᠂ ᠲᠥᠪ ᠤᠨ ᠬᠠᠤᠯᠢ | ᠴᠠᠭᠠᠵᠠ ᠶᠢᠨ ᠴᠠᠭᠳᠠᠭ᠎ᠠ ᠶᠢᠨ ᠳᠡᠭᠡᠳᠦ ᠰᠤᠷᠭᠠᠭᠤᠯᠢ᠂ ᠪᠡᠭᠡᠵᠢᠩ ᠤᠨ ᠡᠯᠧᠺᠲᠷᠣᠨ ᠰᠢᠨᠵᠢᠯᠡᠬᠦ ᠤᠬᠠᠭᠠᠨ | ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠶᠡᠭᠡ ᠳᠡᠭᠡᠲᠦ ᠰᠤᠷᠭᠠᠭᠤᠯᠢ ᠳᠤ ᠰᠢᠯᠭᠠᠭᠤᠯᠤᠭᠴᠢᠳ 6 ᠳ᠋ᠤᠭᠠᠷ | ᠰᠠᠷ᠎ᠠ ᠶᠢᠨ 26 ᠤ ᠡᠳᠦᠷ ᠠᠴᠠ ᠡᠬᠢᠯᠡᠨ ︽ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ | ᠵᠠᠩᠭᠢ ᠶᠢᠨ ᠰᠦᠯᠵᠢᠶ᠎ᠡ︾ ︽2016 ᠣᠨ ᠤ ᠡᠷᠡᠮᠡᠯᠵᠡᠯ ᠢᠶᠠᠨ ᠲᠠᠭᠯᠠᠬᠤ ᠲᠤᠰᠬᠠᠶ ᠪᠤᠯᠤᠩ︾ ᠠᠴᠠ ᠬᠤᠪᠢ | ᠬᠦᠮᠦᠨ ᠤ ᠤᠯᠤᠰ ᠲᠦᠷᠤ ᠶᠢᠨ ᠬᠢᠨᠠᠨ ᠪᠠᠶᠢᠴᠠᠭᠠᠯᠲᠠ᠂ ᠨᠢᠭᠤᠷᠲᠠᠨ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ᠂ | ᠲᠠᠮᠢᠷ ᠤᠨ ᠰᠢᠯᠭᠠᠯᠲᠠ ᠵᠡᠷᠭᠡ ᠳᠤ ᠤᠷᠤᠯᠴᠠᠬᠤ ᠶᠢ ᠵᠦᠪᠰᠢᠶᠡᠷᠡᠭᠰᠡᠨ ᠡᠰᠡᠬᠦ ᠶᠢ ᠯᠠᠪᠯᠠᠨ ᠦᠵᠡᠵᠤ ᠪᠤᠯᠤᠨ᠎ᠠ᠃ | ᠵᠦᠪᠰᠢᠶᠡᠷᠡᠭᠳᠡᠭᠰᠡᠨ ᠰᠢᠯᠭᠠᠭᠤᠯᠤᠭᠴᠢᠳ ᠡᠷᠬᠡᠪᠰᠢ ᠲᠤᠭᠲᠠᠭᠰᠠᠨ ᠴᠠᠭ᠂ ᠭᠠᠵᠠᠷ ᠲᠤ ᠪᠠᠨ ᠤᠴᠢᠵᠤ ᠨᠢᠭᠤᠷᠳᠠᠨ | ᠰᠢᠯᠭᠠᠯᠲᠠ ᠵᠡᠷᠭᠡ ᠳᠤ ᠤᠷᠤᠯᠴᠠᠬᠤ ᠬᠡᠷᠡᠭᠲᠠᠢ᠃ ᠳᠣᠲᠣᠭᠠᠳᠤ ᠶᠢ ᠬᠠᠮᠠᠭᠠᠯᠠᠬᠤ ᠡᠩ ᠤᠨ ᠶᠡᠭᠡ ᠳᠡᠭᠡᠳᠦ | ᠰᠤᠷᠭᠠᠭᠤᠯᠢ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢᠳ 6 ᠳ᠋ᠤᠭᠠᠷ ᠰᠠᠷ᠎ᠠ ᠶᠢᠨ 28 ᠤ ᠡᠳᠦᠷ ᠠᠴᠠ 7 ᠳ᠋ᠤᠭᠠᠷ | ᠰᠠᠷ᠎ᠠ ᠶᠢᠨ 3 ᠤ ᠡᠳᠦᠷ ᠪᠤᠯᠲᠠᠯ᠎ᠠ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠴᠠᠭᠳᠠᠭᠠᠨ ᠤ ᠪᠡᠶ᠎ᠡ ᠶᠢᠨ ᠲᠠᠮᠢᠷ ᠤᠨ ᠣᠷᠳᠣᠨ ᠳᠤ ᠨᠢᠭᠤᠷᠲᠠᠨ ᠰᠢᠯᠭᠠᠯᠲᠠ᠂ ᠲᠠᠮᠢᠷ ᠤᠨ ᠰᠢᠯᠭᠠᠯᠲᠠ ᠳᠤ | ᠤᠷᠤᠯᠴᠠᠨ᠎ᠠ᠃ ᠰᠢᠨᠵᠢᠶᠠᠩ ᠤᠨ ᠴᠠᠭᠳᠠᠭᠠᠨ ᠤ ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠦᠭᠰᠡᠳ 6 ᠳ᠋ᠤᠭᠠᠷ | ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠴᠠᠭᠳᠠᠭᠠᠨ ᠤ ᠪᠡᠶ᠎ᠡ ᠶᠢᠨ ᠲᠠᠮᠢᠷ ᠤᠨ ᠣᠷᠳᠣᠨ ᠳᠤ ᠨᠢᠭᠤᠷᠲᠠᠨ ᠰᠢᠯᠭᠠᠯᠲᠠ᠂ ᠲᠠᠮᠢᠷ ᠤᠨ ᠰᠢᠯᠭᠠᠯᠲᠠ ᠳᠤ | ᠨᠢᠭᠡᠳᠦᠯᠲᠠᠢ ᠤᠷᠤᠯᠴᠠᠨ᠎ᠠ᠃ |