ᠥᠪᠥᠷ ᠮᠣᠩᠭᠤᠯ ᠤᠨ ᠠᠩᠬᠠᠳᠠᠭᠴᠢ ᠰᠢᠨ᠎ᠡ ᠪᠠᠷ ᠵᠠᠰᠠᠵᠤ ᠪᠠᠶᠢᠭ᠎ᠠ ᠳᠡᠭᠡᠳᠦ ᠬᠤᠷᠳᠤᠴᠠᠲᠤ ᠲᠡᠮᠦᠷ ᠵᠠᠮ —— ᠬᠥᠬᠡᠬᠤᠲᠠ ᠠᠴᠠ ᠴᠢᠭᠤᠯᠤᠯᠳᠤ ᠬᠠᠭᠠᠯᠭ᠎ᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠪᠦᠬᠦ ᠱᠤᠭᠤᠮ ᠤᠨ ᠨᠦᠬᠡᠨ ᠵᠠᠮ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2016/6/29
                  ᠨᠦᠬᠡᠨ ᠵᠠᠮ ᠨᠡᠪᠲᠡᠷᠡᠭᠦᠯᠦᠭᠰᠡᠨ ᠢᠶᠠᠨ ᠪᠡᠯᠡᠭᠯᠡᠵᠦ ᠪᠠᠶᠢᠨ᠎ᠠ      6 ᠳ᠋ᠤᠭᠠᠷ ᠰᠠᠷ᠎ᠠ ᠶᠢᠨ 28᠎ ᠤ ᠡᠳᠦᠷ᠂ ᠬᠠᠮᠤᠭ ᠡᠴᠦᠰ ᠤᠨ ᠨᠢᠭᠡ ᠡᠵᠡᠮᠳᠡᠯ ᠤᠨ ᠵᠠᠩᠭᠢᠶᠠᠰᠤ ᠬᠦᠬᠡ ᠳᠠᠪᠠᠭ᠎ᠠ ᠨᠦᠬᠡᠨ ᠵᠠᠮ ᠢ ᠤᠷᠤᠭᠰᠢᠲᠠᠶ ᠨᠡᠪᠲᠡᠷᠡᠭᠦᠯᠦᠭᠰᠡᠨ ᠨᠢ᠂ ᠥᠪᠥᠷ ᠮᠣᠩᠭᠤᠯ ᠤᠨ ᠠᠩᠬᠠᠳᠠᠭᠴᠢ ᠳᠡᠭᠡᠳᠦ ᠬᠤᠷᠳᠤᠴᠠᠲᠤ ᠲᠡᠮᠦᠷ ᠵᠠᠮ —— ᠰᠢᠨ᠎ᠡ ᠪᠠᠷ ᠪᠠᠶᠢᠭᠤᠯᠵᠤ ᠪᠠᠶᠢᠭ᠎ᠠ ᠬᠥᠬᠡᠬᠤᠲᠠ ᠠᠴᠠ ᠴᠢᠭᠤᠯᠤᠯᠳᠤ ᠬᠠᠭᠠᠯᠭ᠎ᠠ ᠬᠥᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠳᠠᠬᠢ 30 ᠰᠠᠭᠤᠷᠢ ᠨᠦᠬᠡᠨ ᠵᠠᠮ ᠢ ᠪᠦᠬᠦᠨ ᠢ ᠬᠤᠭᠤᠴᠠᠭ᠎ᠠ ᠶᠣᠰᠣᠭᠠᠷ ᠠᠮᠤᠷ ᠲᠦᠪᠰᠢᠨ ᠨᠡᠪᠲᠡᠷᠡᠭᠦᠯᠦᠭᠰᠡᠨ ᠢ ᠬᠠᠷᠠᠭᠤᠯᠤᠯ᠎ᠠ᠃      ᠣᠶᠢᠯᠠᠭᠠᠭᠰᠠᠨ ᠢᠶᠠᠷ᠂ ᠬᠥᠬᠡᠬᠤᠲᠠ ᠠᠴᠠ ᠴᠢᠭᠤᠯᠤᠯᠳᠤ ᠬᠠᠭᠠᠯᠭ᠎ᠠ ᠬᠦᠷᠬᠦ ᠠᠶᠠᠨᠴᠢᠨ ᠤ ᠲᠡᠭᠡᠭᠡᠪᠦᠷᠢ ᠶᠢᠨ ᠲᠤᠰᠬᠠᠶ ᠲᠡᠮᠦᠷ ᠵᠠᠮ ᠪᠣᠯ ᠥᠪᠥᠷ ᠮᠣᠩᠭᠤᠯ ᠤᠨ ᠠᠩᠬᠠᠳᠠᠭᠴᠢ ᠰᠢᠨ᠎ᠡ ᠪᠠᠷ ᠵᠠᠰᠠᠵᠤ ᠪᠠᠶᠢᠭ᠎ᠠ ᠳᠡᠭᠡᠳᠦ ᠬᠤᠷᠳᠤᠴᠠᠲᠤ ᠲᠠᠮᠣᠷ ᠵᠠᠮ ᠮᠦᠨ᠂ ᠥᠪᠥᠷ ᠮᠣᠩᠭᠤᠯ ᠤᠨ ᠬᠥᠬᠡᠬᠤᠲᠠ᠂ ᠤᠯᠠᠭᠠᠨᠴᠠᠪ ᠢᠶᠠᠷ ᠦᠩᠭᠡᠷᠡᠭᠡᠳ ᠾᠧᠪᠸᠢ ᠮᠤᠵᠢ ᠶᠢᠨ ᠴᠢᠭᠤᠯᠤᠯᠳᠤ ᠬᠠᠭᠠᠯᠭ᠎ᠠ ᠬᠤᠲᠠ ᠳᠤ ᠬᠦᠷᠦᠨ᠎ᠡ᠂ ᠪᠦᠬᠦ ᠣᠷᠳᠣ ᠨᠢ 286.8 ᠺᠢᠯᠣᠮᠧᠲᠷ᠂ ᠵᠢᠷᠤᠵᠤ ᠲᠥᠯᠥᠪᠯᠡᠭᠰᠡᠨ ᠴᠠᠭ ᠤᠨ ᠬᠤᠷᠳᠤᠴᠠ ᠨᠢ 250 ᠺᠢᠯᠣᠮᠧᠲᠷ᠂ 2014 ᠣᠨ ᠤ 7 ᠳ᠋ᠤᠭᠠᠷ ᠰᠠᠷ᠎ᠠ ᠠᠴᠠ ᠡᠬᠢᠯᠡᠨ ᠪᠥᠳᠥᠭᠡᠨ ᠪᠠᠶᠢᠭᠤᠯᠵᠤ᠂ 4 ᠵᠢᠯ ᠵᠠᠰᠠᠵᠤ ᠳᠠᠭᠤᠰᠬᠤ ᠪᠠᠷ ᠵᠢᠷᠤᠵᠤ ᠲᠦᠯᠦᠪᠯᠡᠵᠡᠢ᠂ ᠵᠠᠰᠠᠵᠤ ᠪᠠᠷᠠᠭᠰᠠᠨ ᠤ ᠰᠡᠭᠦᠯᠡᠷ ᠪᠠ ᠤᠳᠤ ᠶᠢᠨ ᠵᠠᠰᠠᠵᠤ ᠪᠠᠶᠢᠭ᠎ᠠ ᠪᠡᠭᠡᠵᠢᠩ ᠠᠴᠠ ᠴᠢᠭᠤᠯᠤᠯᠲᠤ ᠬᠠᠭᠠᠯᠭ᠎ᠠ ᠬᠦᠷᠬᠦ ᠳᠡᠭᠡᠳᠦ ᠬᠤᠷᠳᠤᠴᠠᠲᠤ ᠲᠡᠮᠦᠷ ᠵᠡᠮ ᠲᠠᠢ ᠵᠠᠯᠭᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠪᠡᠭᠡᠵᠢᠩ ᠳᠤ ᠣᠴᠢᠬᠤ ᠳᠡᠭᠡᠳᠦ ᠬᠤᠷᠳᠤᠴᠠᠲᠤ ᠠᠶᠠᠨᠴᠢᠳ ᠤᠨ ᠲᠡᠭᠡᠭᠡᠪᠦᠷᠢ ᠶᠢᠨ ᠲᠦᠷᠭᠡᠨ ᠵᠠᠮ ᠢ ᠪᠣᠢ ᠪᠣᠯᠭᠠᠨ᠂ ᠳᠤᠮᠳᠠᠳᠤ ᠤᠯᠤᠰ ᠤᠨ ᠤᠮᠠᠷᠠᠲᠤ ᠣᠷᠣᠨ ᠬᠢᠭᠡᠳ ᠪᠦᠬᠦ ᠤᠯᠤᠰ ᠤᠨ ᠳᠡᠭᠡᠳᠦ ᠬᠤᠷᠳᠤᠴᠠᠲᠤ ᠲᠡᠮᠦᠷ ᠵᠠᠮ ᠤᠨ ᠲᠣᠣᠷ ᠯᠤᠭ᠎ᠠ ᠵᠠᠯᠭᠠᠯᠳᠤᠭᠤᠯᠬᠤ ᠶᠢ ᠪᠡᠶᠡᠯᠡᠭᠦᠯᠦᠨ᠂ ᠴᠢᠭᠤᠯᠤᠯᠲᠤ ᠬᠠᠭᠠᠯᠭ᠎ᠠ ᠠᠴᠠ ᠵᠢᠨᠢᠩ ᠬᠦᠷᠬᠦ ᠳᠡᠮᠦᠷ ᠵᠠᠮ ᠤᠨ ᠪᠠᠷᠠᠭ᠎ᠠ ᠲᠡᠭᠡᠭᠡᠪᠦᠷᠢᠯᠡᠬᠦ ᠴᠢᠳᠠᠪᠤᠷᠢ ᠶᠢ ᠤᠯᠠᠮ ᠨᠡᠮᠡᠭᠳᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠭᠡᠵᠢᠩ ᠲᠢᠶᠠᠨᠵᠢᠨ ᠾᠧᠪᠸᠢ ᠶᠢᠨ ᠠᠵᠤ ᠠᠬᠤᠶ ᠶᠢᠨ ᠪᠦᠰᠨ ᠳᠤ ᠠᠭᠤᠰᠤᠨ ᠤᠷᠤᠬᠤ᠂ ᠦᠪᠡᠷᠲᠡᠭᠡᠨ ᠵᠠᠰᠠᠬᠤ ᠤᠷᠤᠨ ᠤ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠠᠷᠠᠳ ᠤᠯᠠᠨ ᠤ ᠠᠶᠠᠯᠠᠯ ᠤᠨ ᠨᠥᠬᠦᠴᠡᠯ ᠢ ᠰᠠᠶᠢᠵᠢᠷᠠᠭᠤᠯᠬᠤ ᠳᠤ ᠮᠠᠰᠢ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃ ᠲᠡᠷᠡ ᠦᠶᠡᠰ᠂ ᠬᠥᠬᠡᠬᠤᠲᠠ ᠠᠴᠠ ᠪᠡᠭᠡᠵᠢᠩ ᠬᠦᠷᠬᠦ ᠴᠠᠭ ᠢ 3 ᠴᠠᠭ ᠪᠣᠯᠭᠠᠨ ᠪᠣᠭᠤᠨᠢᠰᠬᠠᠵᠦ᠂ ᠪᠡᠭᠡᠵᠢᠩ ᠲᠢᠶᠠᠨᠵᠢᠨ ᠾᠧᠪᠸᠢ ᠣᠷᠣᠨ ᠤ ᠠᠶᠠᠨᠴᠢᠳ ᠤᠨ ᠥᠪᠥᠷ ᠮᠣᠩᠭᠤᠯ ᠤᠨ ᠲᠠᠯ᠎ᠠ ᠨᠤᠲᠤᠭ ᠲᠠᠬᠢ ︽ᠨᠢᠭᠡ ᠡᠳᠦᠷ ᠤᠨ ᠵᠤᠭᠠᠴᠠᠯ︾᠎ ᠤᠨ ᠬᠦᠰᠡᠯ ᠢ ᠪᠡᠶᠡᠯᠡᠭᠦᠯᠦᠨ᠂ ᠭᠠᠷᠠᠭ ᠤᠨ ᠠᠮᠠᠷᠠᠯᠲᠠ ᠳᠠᠭᠠᠨ ᠬᠥᠬᠡᠬᠤᠲᠠ ᠪᠤᠭᠤᠲᠤ ᠣᠷᠳᠣᠰ ᠣᠷᠣᠨ ᠢᠶᠠᠷ ᠨᠠᠭᠠᠳᠤᠨ ᠵᠤᠭᠠᠴᠠᠵᠤ᠂ ᠮᠣᠩᠭᠤᠯ ᠰᠣᠶᠣᠯ ᠢ ᠰᠦᠪᠡᠭᠴᠢᠯᠡᠨ᠂ ᠲᠠᠯ᠎ᠠ ᠨᠤᠲᠤᠭ ᠤᠨ ᠥᠩᠭᠡ ᠦᠵᠡᠮᠵᠢ ᠶᠢ ᠰᠣᠨᠢᠷᠬᠠᠵᠤ ᠳᠡᠶᠢᠯᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号