ᠨᠡᠶᠢᠭᠡᠮ ᠤᠨ ᠳᠠᠭᠠᠳᠬᠠᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ | ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠳᠬᠠᠵᠤ᠂ ᠨᠡᠶᠢᠭᠡᠮ ᠤᠨ | ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠲᠤᠰᠠᠳᠠ᠂ 2016 ᠣᠨ ᠠᠴᠠ ᠡᠬᠢᠯᠡᠨ᠂ ᠵᠦᠸᠧᠽᠢ ᠰᠢᠶᠠᠨ ᠨᠡᠶᠢᠭᠡᠮ ᠤᠨ ᠳᠠᠭᠠᠳᠬᠠᠯ ᠤᠨ | ︽ᠲᠠᠪᠤᠨ ᠳᠠᠭᠠᠳᠬᠠᠯ ᠢ ᠨᠢᠭᠡᠳᠬᠡᠬᠦ︾ ᠶᠢ ᠡᠬᠢᠯᠡᠨ ᠬᠡᠷᠡᠭᠵᠢᠭᠦᠯᠪᠡ᠂ ᠲᠤᠬᠠᠶᠢᠯᠠᠪᠠᠯ ᠡᠯ᠎ᠡ ᠲᠦᠷᠦᠯ ᠤᠨ ᠠᠵᠤ | ᠠᠬᠤᠶᠢᠯᠠᠯ᠂ ᠠᠵᠢᠯ ᠦᠢᠯᠡᠰ ᠪᠠ ᠨᠡᠶᠢᠭᠡᠮ ᠤᠨ ᠪᠦᠯᠬᠦᠮ ᠵᠡᠷᠭᠡ ᠬᠥᠮᠦᠨ ᠬᠡᠷᠡᠭᠯᠡᠬᠦ ᠨᠢᠭᠡᠴᠡ ᠬᠢᠭᠡᠳ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠯᠲᠠ᠂ ᠦᠷᠡᠵᠢᠯ ᠤᠨ ᠳᠠᠭᠠᠳᠬᠠᠯ᠂ | ᠠᠵᠢᠯ ᠠᠴᠠ ᠪᠣᠯᠤᠭᠰᠠᠨ ᠭᠡᠮᠲᠦᠯ ᠵᠡᠷᠭᠡ ᠲᠠᠪᠤᠨ ᠵᠦᠢᠯ ᠤᠨ ᠨᠡᠶᠢᠭᠡᠮ ᠤᠨ ᠳᠠᠭᠠᠳᠬᠠᠯ ᠳᠤ ᠳᠠᠩᠰᠠᠯᠠᠭᠤᠯᠬᠤ ᠶᠢ | ᠨᠢᠭᠡᠳᠬᠡᠬᠦ᠂ ᠭᠤᠶᠤᠴᠢᠯᠠᠨ ᠮᠡᠳᠡᠭᠦᠯᠬᠦ ᠶᠢ ᠨᠢᠭᠡᠳᠬᠡᠬᠦ᠂ ᠰᠠᠭᠤᠷᠢ ᠲᠤᠭ᠎ᠠ ᠶᠢ ᠨᠢᠭᠡᠳᠬᠡᠬᠦ᠂ ᠬᠢᠨᠠᠨ ᠲᠣᠭᠲᠠᠭᠠᠬᠤ ᠶᠢ | ᠨᠢᠭᠡᠳᠬᠡᠬᠦ᠂ ᠲᠠᠲᠠᠪᠤᠷᠢᠯᠠᠬᠤ ᠲᠤᠰᠢᠶᠠᠬᠤ ᠶᠢ ᠨᠢᠭᠡᠳᠬᠡᠬᠦ᠂ ᠲᠤᠯᠭᠠᠨ ᠪᠣᠳᠣᠬᠤ ᠶᠢ ᠨᠢᠭᠡᠳᠬᠡᠬᠦ ᠶᠢ | ᠬᠡᠷᠡᠭᠵᠢᠭᠦᠯᠵᠡᠢ᠃ | ᠤᠯᠠᠭᠠᠨᠴᠠᠪ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠨᠡᠶᠢᠭᠡᠮ ᠤᠨ ᠳᠠᠭᠠᠳᠬᠠᠯ ᠤᠨ ︽ᠲᠠᠪᠤᠨ ᠳᠠᠭᠠᠳᠬᠠᠯ ᠢ ᠨᠢᠭᠡᠳᠬᠡᠬᠦ︾ ᠠᠵᠢᠯ ᠤᠨ | ᠱᠠᠭᠠᠷᠳᠠᠯᠭ᠎ᠠ ᠪᠠᠷ᠂ ᠵᠦᠸᠧᠽᠢ ᠰᠢᠶᠠᠨ ᠨᠢ ᠤᠤᠯ ᠳᠠᠭᠠᠨ ᠨᠡᠶᠢᠭᠡᠮ ᠤᠨ ᠳᠠᠭᠠᠳᠬᠠᠯ ᠤᠨ ᠲᠣᠪᠴᠢᠶ᠎ᠠ᠂ ᠠᠵᠢᠯ | ᠣᠯᠭᠤᠬᠤ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠭᠦᠢᠴᠡᠳᠬᠡᠬᠦ ᠪᠠᠶᠢᠭᠰᠠᠨ | ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠡᠮ ᠡᠮᠨᠡᠯᠭᠡ᠂ ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠤᠨ | ᠳᠠᠭᠠᠳᠬᠠᠯ ᠤᠨ ᠲᠠᠲᠠᠪᠤᠷᠢᠯᠠᠬᠤ ᠲᠤᠰᠢᠶᠠᠬᠤ ᠲᠤᠯᠭᠠᠨ ᠪᠣᠳᠣᠬᠤ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠵᠦ᠂ | ᠵᠦᠸᠧᠽᠢ ᠰᠢᠶᠠᠨ ᠤ ᠨᠡᠶᠢᠭᠡᠮ ᠤᠨ ᠳᠠᠭᠠᠳᠬᠠᠯ ᠤᠨ ᠲᠤᠯᠭᠠᠨ ᠪᠣᠳᠣᠬᠤ ᠬᠢᠨᠠᠨ ᠲᠣᠭᠲᠠᠭᠠᠬᠤ ᠲᠥᠪ ᠢ ᠪᠠᠶᠢᠭᠤᠯᠵᠤ᠂ | ᠨᠢᠭᠡᠴᠡ᠂ ᠬᠤᠪᠢ ᠬᠥᠮᠦᠨ ᠤ ᠨᠡᠶᠢᠭᠡᠮ ᠤᠨ ᠳᠠᠭᠠᠳᠬᠠᠯ ᠤᠨ ᠳᠠᠩᠰᠠᠯᠠᠯᠲᠠ᠂ ᠰᠦᠢᠳᠬᠡᠯ ᠲᠤᠰᠢᠶᠠᠬᠤ | ᠭᠤᠶᠤᠴᠢᠯᠠᠯ᠂ ᠲᠤᠯᠭᠠᠨ ᠪᠤᠳᠤᠬᠤ ᠲᠤᠬᠠᠶᠢᠯᠠᠭᠰᠠᠨ ᠠᠵᠢᠯ ᠢ ᠭᠠᠷᠳᠠᠨ ᠭᠦᠢᠴᠡᠳᠬᠡᠬᠦ ᠶᠢ ᠬᠠᠷᠢᠴᠠᠭᠤᠯᠵᠠᠢ᠃ | ︽ᠲᠠᠪᠤᠨ ᠳᠠᠭᠠᠳᠬᠠᠯ ᠢ ᠨᠢᠭᠡᠳᠬᠡᠬᠦ︾ ᠠᠵᠢᠯ ᠢ ᠤᠷᠤᠭᠰᠢᠲᠠᠶ ᠬᠡᠷᠡᠭᠵᠢᠭᠦᠯᠬᠦ ᠶᠢ ᠪᠠᠲᠤᠯᠠᠬᠤ ᠶᠢᠨ ᠲᠤᠰᠠᠳᠠ᠂ | ᠵᠦᠸᠧᠽᠢ ᠰᠢᠶᠠᠨ ᠪᠦᠬᠦ ᠰᠢᠶᠠᠨ ᠤ 20 ᠭᠠᠷᠤᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠵᠣᠬᠢᠶᠠᠨ | ᠪᠠᠶᠢᠭᠤᠯᠤᠨ ︽ᠲᠠᠪᠤᠨ ᠳᠠᠭᠠᠳᠬᠠᠯ ᠢ ᠨᠢᠭᠡᠳᠬᠡᠬᠦ︾ ᠠᠵᠢᠯ ᠤᠨ ᠠᠬᠢᠭᠤᠯᠬᠤ ᠬᠤᠷᠠᠯ ᠬᠢᠭᠰᠡᠨ ᠪᠥᠭᠡᠳ ︽ | ᠵᠦᠸᠧᠽᠢ ᠰᠢᠶᠠᠨ ᠤ ᠨᠡᠶᠢᠭᠡᠮ ᠤᠨ ᠳᠠᠭᠠᠳᠬᠠᠯ ᠢ ᠲᠠᠲᠠᠪᠤᠷᠢᠯᠠᠬᠤ ᠲᠤᠰᠢᠶᠠᠬᠤ ᠲᠤᠯᠭᠠᠨ ᠬᠢᠨᠠᠬᠤ ᠶᠢ ᠭᠠᠷᠳᠠᠨ | ᠭᠦᠢᠴᠡᠳᠬᠡᠬᠦ ᠵᠥᠭᠯᠡᠭᠦᠷ︾ ᠢ ᠳᠠᠷᠤᠮᠠᠯᠯᠠᠨ ᠲᠠᠷᠬᠠᠭᠠᠵᠤ᠂ ᠨᠡᠶᠢᠭᠡᠮ ᠤᠨ ᠳᠠᠭᠠᠳᠬᠠᠯ ᠤᠨ ︽ᠲᠠᠪᠤᠨ ᠳᠠᠭᠠᠳᠬᠠᠯ ᠢ | ᠨᠢᠭᠡᠳᠬᠡᠬᠦ︾ ᠶᠢ ᠬᠡᠷᠡᠭᠵᠢᠭᠦᠯᠬᠦ ᠴᠢᠬᠤᠯᠠ ᠶᠡᠭᠡ ᠠᠴᠢ ᠬᠤᠯᠪᠣᠭᠳᠠᠯ᠂ ᠨᠢᠭᠡᠴᠡ ᠶᠢᠨ ᠳᠠᠭᠠᠳᠬᠠᠯ ᠳᠤ ᠣᠷᠣᠯᠴᠠᠬᠤ | ᠳᠡᠩᠰᠡᠯᠡᠯᠲᠡ ᠵᠢᠴᠢ ᠲᠠᠲᠠᠪᠤᠷᠢᠯᠠᠬᠤ ᠲᠤᠰᠢᠶᠠᠬᠤ ᠲᠤᠯᠭᠠᠨ ᠪᠣᠳᠣᠬᠤ ᠲᠤᠬᠠᠶᠢᠯᠠᠭᠰᠠᠨ ᠠᠵᠢᠯ ᠤᠨ ᠳᠡᠰ ᠳᠠᠷᠠᠭᠠᠯᠠᠯ | ᠵᠡᠷᠭᠡ ᠠᠭᠤᠯᠭ᠎ᠠ ᠳᠤ ᠨᠠᠷᠢᠨ ᠲᠣᠳᠣᠷᠬᠠᠶᠢᠯᠠᠯᠲᠠ ᠬᠢᠪᠡ᠃ |