01. ᠪᠡᠶ᠎ᠡ ᠪᠠᠨ ᠳᠠᠭᠠᠭᠠᠵᠤ ᠰᠤᠷᠤᠭᠴᠢ ᠡᠯᠰᠡᠬᠦ ᠵᠡᠷᠭᠡ ᠨᠢᠭᠡ ᠪᠦᠯᠦᠭ ᠣᠨᠴᠠᠭᠠᠢ ᠲᠥᠷᠥᠯ ᠤᠨ | ᠰᠢᠯᠭᠠᠭᠤᠯᠤᠭᠴᠢᠳ ᠤᠨ ᠳᠠᠩᠰᠠ ᠡᠪᠬᠡᠮᠡᠯ ᠳᠡᠪᠰᠢᠭᠦᠯᠬᠦ ᠲᠦᠷᠢᠮ | ᠪᠡᠶ᠎ᠡ ᠪᠠᠨ ᠳᠠᠭᠠᠭᠠᠵᠤ ᠰᠣᠩᠭᠤᠨ ᠡᠯᠰᠡᠬᠦ ︵ᠬᠥᠳᠡᠭᠡ ᠲᠣᠰᠬᠤᠨ ᠤ ᠰᠣᠷᠣᠭᠴᠢᠳ ᠢ ᠠᠰᠳᠠᠭᠠᠨ ᠡᠯᠰᠡᠬᠦ | ᠪᠠᠭᠲᠠᠨ᠎ᠠ᠂ ᠲᠤᠬᠠᠶᠢᠯᠠᠪᠠᠯ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠵᠦᠢᠯ ᠤᠨ ᠰᠤᠷᠤᠭᠴᠢ ᠡᠯᠰᠡᠬᠦ︶᠂ | ᠤᠷᠠᠯᠢᠭ ᠤᠨ ᠣᠨᠴᠠ ᠴᠢᠳᠠᠪᠤᠷᠢᠲᠠᠶ ᠰᠤᠷᠤᠭᠴᠢ᠂ ᠥᠨᠳᠥᠷ ᠬᠢᠷᠢ ᠲᠦᠪᠰᠢᠨ ᠪᠦᠬᠦᠢ ᠲᠠᠮᠢᠷᠴᠢᠨ ᠤ ᠠᠩᠬᠢ ᠶᠢᠨ | ᠬᠢᠷᠢ ᠬᠡᠮ ᠣᠯᠣᠭᠰᠠᠨ ᠰᠢᠯᠭᠠᠭᠤᠯᠤᠭᠴᠢ ︵ᠳᠣᠷᠣᠭᠰᠢ ᠨᠢᠭᠡᠳᠦᠯᠲᠡᠢ ᠪᠠᠷ ᠶᠡᠭᠡ ᠳᠡᠭᠡᠳᠦ ᠰᠤᠷᠭᠠᠭᠤᠯᠢ ᠶᠢᠨ ᠣᠨᠴᠠ | ᠲᠥᠷᠥᠯ ᠤᠨ ᠰᠤᠷᠤᠭᠴᠢ ᠡᠯᠰᠡᠯᠲᠡ ᠶᠢᠨ ᠰᠢᠯᠭᠠᠭᠤᠯᠤᠭᠴᠢ ᠭᠡᠵᠦ ᠲᠣᠪᠴᠢᠯᠠᠨ᠎ᠠ︶ ᠵᠣᠬᠢᠴᠠᠩᠭᠤᠢ ᠪᠦᠬᠦᠢ ᠶᠡᠭᠡ | ᠳᠡᠭᠡᠳᠦ ᠰᠤᠷᠭᠠᠭᠤᠯᠢ ᠶᠢᠨ ᠣᠨᠴᠠ ᠲᠥᠷᠥᠯ ᠤᠨ ᠰᠤᠷᠤᠭᠴᠢ ᠡᠯᠰᠡᠬᠦ ᠳᠤ ᠣᠷᠣᠯᠴᠠᠬᠤ ᠳᠤ᠂ ᠡᠷᠬᠡᠪᠰᠢ | ᠵᠣᠬᠢᠴᠠᠩᠭᠤᠶ ᠪᠦᠬᠦᠢ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠯᠦᠭ ᠤᠳᠠᠭ᠎ᠠ ᠳᠤ ᠡᠷᠡᠮᠡᠯᠵᠡᠯ ᠢᠶᠠᠨ | ᠠᠩᠬ᠎ᠠ ᠲᠠᠭᠯᠠᠬᠤ ᠳᠤ ᠣᠨᠴᠠ ᠲᠥᠷᠥᠯ ᠳᠤ ᠡᠷᠡᠮᠡᠯᠵᠡᠯ ︵ᠵᠣᠬᠢᠴᠠᠩᠭᠤᠶ ᠪᠦᠬᠦᠢ ᠶᠡᠭᠡ ᠳᠡᠭᠡᠳᠦ ᠰᠤᠷᠭᠠᠭᠤᠯᠢ ᠨᠢ | ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠪᠣᠯᠣᠨ ᠪᠤᠰᠤᠳ ᠪᠦᠯᠦᠭ ᠤᠳᠠᠭ᠎ᠠ ᠳᠤ ᠴᠦᠮ ᠰᠤᠷᠤᠭᠴᠢ ᠡᠯᠰᠡᠬᠦ | ᠲᠥᠯᠥᠪᠯᠡᠭᠡ ᠲᠠᠢ ᠪᠣᠯ ᠵᠢᠩᠬᠢᠨᠢ ᠠᠩᠬᠢ ᠶᠢᠨ ᠨᠢᠭᠡᠳᠦᠭᠡᠷ ᠪᠦᠯᠦᠭ ᠲᠤ ᠲᠠᠭᠯᠠᠨ ᠮᠡᠳᠡᠭᠦᠯᠦᠨ᠎ᠡ︔ ᠵᠢᠩᠭᠢᠨᠢ | ᠠᠩᠭᠢ ᠶᠢᠨ ᠬᠤᠶᠠᠳᠤᠭᠠᠷ ᠪᠦᠯᠦᠭ ᠨᠢ ᠮᠦᠨ ᠴᠤ ᠠᠳᠠᠯᠢ︶ ᠢᠶᠠᠨ ᠲᠠᠭᠯᠠᠨ ᠮᠡᠳᠡᠭᠦᠯᠵᠦ᠂ ᠡᠷᠡᠮᠡᠯᠵᠡᠯ ᠢᠶᠠᠨ | ᠲᠠᠭᠯᠠᠬᠤ ᠴᠠᠭ᠂ ᠡᠯ᠎ᠡ ᠪᠦᠯᠦᠭ ᠬᠤᠪᠢᠶᠠᠨ ᠲᠠᠭᠯᠠᠨ ᠮᠡᠳᠡᠭᠦᠯᠬᠦ ᠶᠢᠨ ᠲᠡᠭᠦᠰᠬᠦ ᠴᠠᠭ ᠨᠢ ᠪᠤᠰᠤᠳ | ᠰᠢᠯᠭᠠᠭᠤᠯᠤᠭᠴᠢᠳ ᠲᠠᠢ ᠠᠳᠠᠯᠢ᠂ ᠵᠢᠱᠢᠶᠡᠯᠡᠪᠡᠯ ᠲᠠᠭᠯᠠᠵᠤ ᠮᠡᠳᠡᠭᠦᠯᠬᠦ ᠦᠭᠡᠶ ᠪᠣᠯ ᠵᠣᠬᠢᠴᠠᠩᠭᠤᠶ ᠪᠦᠬᠦᠢ ᠶᠡᠭᠡ | ᠳᠡᠭᠡᠳᠦ ᠰᠤᠷᠭᠠᠭᠤᠯᠢ ᠶᠢᠨ ᠣᠨᠴᠠ ᠲᠥᠷᠥᠯ ᠤᠨ ᠰᠤᠷᠤᠭᠴᠢ ᠡᠯᠰᠡᠬᠦ ᠬᠢᠷᠢ ᠬᠡᠮ ᠢᠶᠠᠨ ᠲᠠᠶᠠᠭᠳᠠᠭᠰᠠᠨ ᠢᠶᠠᠷ | ᠦᠵᠡᠨ᠎ᠡ᠃ | ᠶᠡᠭᠡ ᠳᠡᠭᠡᠳᠦ ᠰᠤᠷᠭᠠᠭᠤᠯᠢ ᠶᠢᠨ ᠣᠨᠴᠠ ᠲᠥᠷᠥᠯ ᠤᠨ ᠰᠤᠷᠤᠭᠴᠢ ᠡᠯᠰᠡᠬᠦ ᠳᠤ ᠨᠡᠷ᠎ᠡ ᠮᠡᠳᠡᠭᠦᠯᠦᠭᠰᠡᠨ | ᠰᠢᠯᠭᠠᠭᠤᠯᠤᠭᠴᠢ ᠬᠡᠷᠪᠡ ᠣᠨᠴᠠ ᠲᠥᠷᠥᠯ ᠤᠨ ᠰᠤᠷᠤᠭᠴᠢ ᠡᠯᠰᠡᠬᠦ ᠲᠥᠷᠥᠯ ᠤᠨ ᠡᠷᠡᠮᠡᠯᠵᠡᠯ ᠢ ᠰᠤᠩᠭᠤᠨ ᠲᠠᠭᠯᠠᠨ | ᠮᠡᠳᠡᠭᠦᠯᠦᠭᠰᠡᠨ ᠪᠣᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ | ᠲᠥᠪ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠ ᠡᠪᠬᠡᠮᠡᠯ ᠢ ᠨᠢ ᠠᠰ ᠢᠶᠠᠷ ᠨᠢ ᠳᠡᠪᠰᠢᠭᠦᠯᠵᠦ᠂ | ᠲᠤᠰᠠᠭᠠᠷ ᠡᠯᠰᠡᠨ᠎ᠡ᠂ ᠮᠠᠨ ᠤ ᠣᠷᠣᠨ ᠤ ᠨᠢᠭᠡᠨᠲᠡ ᠨᠡᠶᠢᠲᠡᠯᠡᠭᠰᠡᠨ ᠰᠤᠷᠤᠭᠴᠢ ᠡᠯᠰᠡᠬᠦ ᠲᠥᠯᠥᠪᠯᠡᠭᠡ ᠶᠢ ᠡᠵᠡᠯᠡᠬᠦ | ᠦᠭᠡᠢ᠂ ᠡᠯᠰᠡᠭᠳᠡᠬᠦ ᠡᠰᠡᠬᠦ᠂ ᠶᠠᠮᠠᠷ ᠲᠤᠰᠬᠠᠶ ᠮᠡᠷᠭᠡᠵᠢᠯ ᠳᠤ ᠡᠯᠰᠡᠬᠦ ᠶᠢ ᠶᠡᠭᠡ ᠳᠡᠭᠡᠳᠦ ᠰᠤᠷᠭᠠᠭᠤᠯᠢ ᠨᠢ | ᠲᠣᠭᠲᠠᠭᠠᠨ᠎ᠠ︔ ᠬᠡᠷᠪᠡ ᠣᠨᠴᠠ ᠲᠥᠷᠥᠯ ᠤᠨ ᠪᠤᠰᠤ ᠰᠤᠷᠤᠭᠴᠢ ᠡᠯᠰᠡᠬᠦ ᠳᠤ ᠡᠷᠡᠮᠡᠯᠵᠡᠯ ᠢᠶᠠᠨ ᠰᠤᠩᠭᠤᠨ | ᠮᠡᠳᠡᠭᠦᠯᠦᠭᠰᠡᠨ ᠪᠣᠯ᠂ ᠣᠨᠴᠠ ᠲᠥᠷᠥᠯ ᠤᠨ ᠰᠤᠷᠤᠭᠴᠢ ᠡᠯᠰᠡᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ | ᠬᠠᠷᠠᠭᠠᠯᠵᠠᠯ ᠢ ᠬᠦᠷᠲᠡᠬᠦ ᠦᠭᠡᠢ᠂ ᠪᠤᠰᠤᠳ ᠰᠢᠯᠭᠠᠭᠤᠯᠤᠭᠴᠢᠳ ᠲᠠᠢ ᠠᠳᠠᠯᠢ ᠪᠠᠷ ᠬᠡᠪ ᠤᠨ ᠶᠣᠰᠣᠭᠠᠷ ᠡᠯᠰᠡᠨ᠎ᠡ᠃ | ᠶᠡᠭᠡ ᠳᠡᠭᠡᠳᠦ ᠰᠤᠷᠭᠠᠭᠤᠯᠢ ᠶᠢᠨ ᠣᠨᠴᠠ ᠲᠥᠷᠥᠯ ᠳᠤ ᠰᠢᠯᠭᠠᠭᠤᠯᠤᠭᠴᠢ ᠶᠢᠨ ᠲᠠᠭᠯᠠᠨ ᠮᠡᠳᠡᠭᠦᠯᠦᠭᠰᠡᠨ | ᠵᠣᠬᠢᠴᠠᠩᠭᠤᠶ ᠪᠦᠬᠦᠢ ᠶᠡᠭᠡ ᠳᠡᠭᠡᠳᠦ ᠰᠤᠷᠭᠠᠭᠤᠯᠢ ᠶᠢᠨ ᠣᠨᠴᠠ ᠲᠥᠷᠥᠯ ᠤᠨ ᠰᠤᠷᠤᠭᠴᠢ ᠡᠯᠰᠡᠬᠦ ᠡᠷᠡᠮᠡᠯᠵᠡᠯ ᠨᠢ᠂ | ᠪᠤᠰᠤᠳ ᠰᠢᠯᠭᠠᠭᠤᠯᠤᠭᠴᠢᠳ ᠤᠨ ᠡᠯ᠎ᠡ ᠵᠦᠢᠯ ᠤᠨ ᠴᠠᠭ ᠲᠣᠬᠠᠢ ᠶᠢᠨ ᠬᠥᠳᠡᠯᠦᠩᠭᠦᠶ ᠨᠡᠷ᠎ᠡ ᠶᠢᠨ ᠵᠢᠭᠰᠠᠭᠠᠯ ᠢ | ᠨᠥᠯᠥᠭᠡᠯᠡᠬᠦ ᠦᠭᠡᠢ᠃ | 02. ᠤᠷᠠᠨ ᠵᠢᠷᠤᠭ᠂ ᠳᠠᠭᠤᠤ ᠬᠥᠭᠵᠢᠮ᠂ ᠨᠠᠶᠢᠷᠠᠭᠤᠯᠤᠭᠴᠢ ᠤᠳᠤᠷᠢᠳᠤᠭᠠᠴᠢ ᠶᠢᠨ ᠲᠥᠷᠥᠯ ᠤᠨ | ᠲᠤᠰᠬᠠᠶ ᠮᠡᠷᠭᠡᠵᠢᠯ ᠤᠨ ᠳᠠᠩᠰᠠ ᠡᠪᠬᠡᠮᠡᠯ ᠳᠡᠪᠰᠢᠭᠦᠯᠬᠦ ᠳᠦᠷᠢᠮ | ᠤᠷᠠᠨ ᠵᠢᠷᠤᠭ᠂ ᠳᠠᠭᠤᠤ ᠬᠥᠭᠵᠢᠮ᠂ ᠨᠠᠶᠢᠷᠠᠭᠤᠯᠤᠭᠴᠢ ᠤᠳᠤᠷᠢᠳᠤᠭᠠᠴᠢ ᠶᠢᠨ ᠲᠦᠷᠦᠯ ᠤᠨ ᠵᠢᠩᠬᠢᠨᠢ | ᠠᠩᠭᠢ ᠶᠢᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢᠨ ᠪᠥᠬᠦ ᠣᠷᠣᠨ ᠤ ᠵᠣᠬᠢᠴᠠᠩᠭᠤᠢ | ᠪᠦᠬᠦᠢ ᠲᠥᠷᠥᠯ ᠤᠨ ᠲᠤᠰᠬᠠᠶ ᠮᠡᠷᠭᠡᠵᠢᠯ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠨᠢ ᠵᠢᠩᠬᠢᠨᠢ | ᠠᠩᠭᠢ ᠳᠤ ᠡᠷᠬᠡᠪᠰᠢ ᠬᠢᠷᠢ ᠲᠡᠩᠴᠡᠭᠰᠡᠨ ᠪᠦᠭᠡᠳ ︵ᠲᠤᠰ ᠰᠤᠷᠭᠠᠭᠤᠯᠢ ᠶᠢᠨ ᠢᠶᠠᠨ ᠲᠤᠰᠬᠠᠶ ᠮᠡᠷᠭᠡᠵᠢᠯ ᠤᠨ | ᠰᠢᠯᠭᠠᠯᠲᠠ ᠶᠢᠨ ᠬᠢᠷᠢ ᠪᠦᠲᠦᠮᠵᠢ ᠶᠢ ᠯᠡ ᠮᠡᠳᠡᠷᠡᠳᠡᠭ ᠶᠡᠭᠡ ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠦᠭᠰᠡᠨ | ᠰᠢᠯᠭᠠᠭᠤᠯᠤᠭᠴᠢ ᠪᠣᠯ ᠵᠣᠬᠢᠴᠠᠩᠭᠤᠢ ᠪᠦᠬᠦᠢ ᠰᠤᠷᠭᠠᠭᠤᠯᠢ ᠶᠢᠨ ᠰᠢᠯᠭᠠᠯᠲᠠ ᠳᠤ ᠡᠷᠬᠡᠪᠰᠢ ᠬᠢᠷᠢ ᠲᠡᠩᠴᠡᠭᠰᠡᠨ | ᠪᠠᠶᠢᠬᠤ ᠬᠡᠷᠡᠭᠲᠡᠢ︶᠂ ᠰᠣᠶᠣᠯ ᠤᠨ ᠰᠢᠯᠭᠠᠯᠲᠠ ᠶᠢᠨ ᠬᠢᠷᠢ ᠪᠦᠲᠦᠮᠵᠢ ︵ᠬᠠᠷᠠᠭᠠᠯᠵᠠᠯ ᠤᠨ ᠬᠤᠪᠢ ᠪᠠᠭᠲᠠᠨ᠎ᠠ᠂ | ᠳᠣᠷᠣᠭᠰᠢ ᠠᠳᠠᠯᠢ︶ ᠨᠢ ᠮᠠᠨ ᠤ ᠣᠷᠣᠨ ᠤ ᠵᠣᠬᠢᠴᠠᠯᠳᠤᠭᠰᠠᠨ ᠤᠷᠠᠯᠢᠭ ᠤᠨ ᠲᠥᠷᠥᠯ ᠤᠨ ᠵᠢᠩᠭᠢᠨᠢ ᠠᠩᠭᠢ ᠶᠢᠨ | ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠳᠤ ᠬᠦᠷᠦᠭᠰᠡᠨ ᠪᠣᠯ ᠡᠷᠡᠮᠡᠯᠵᠡᠯ ᠢᠶᠠᠨ ᠮᠡᠳᠡᠭᠦᠯᠦᠭᠰᠡᠨ ᠳᠠᠷᠠᠭᠠᠯᠠᠯ ᠢᠶᠠᠷ | ᠨᠢ᠂ ᠪᠦᠬᠦᠨ ᠢ ᠰᠤᠷᠤᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠳᠤ ᠳᠡᠪᠰᠢᠭᠦᠯᠦᠨ᠎ᠡ᠃ | ᠤᠷᠠᠨ ᠵᠢᠷᠤᠭ᠂ ᠳᠠᠭᠤᠤ ᠬᠥᠭᠵᠢᠮ᠂ ᠨᠠᠶᠢᠷᠠᠭᠤᠯᠤᠭᠴᠢ ᠤᠳᠤᠷᠢᠳᠤᠭᠠᠴᠢ ᠶᠢᠨ ᠲᠥᠷᠥᠯ ᠤᠨ ᠲᠤᠰᠬᠠᠶ | ᠮᠡᠷᠭᠡᠵᠢᠯ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢᠨ ᠪᠥᠬᠦ ᠣᠷᠣᠨ ᠤ ᠵᠣᠬᠢᠴᠠᠩᠭᠤᠢ ᠪᠦᠬᠦᠢ ᠲᠥᠷᠥᠯ ᠤᠨ | ᠲᠤᠰᠬᠠᠶ ᠮᠡᠷᠭᠡᠵᠢᠯ ᠤᠨ ᠨᠢᠭᠡᠳᠦᠯᠲᠡᠶ ᠰᠢᠯᠭᠠᠯᠲᠠ ᠶᠢᠨ ᠦᠨᠳᠦᠷ ᠵᠡᠷᠭᠡ ᠶᠢᠨ ᠲᠤᠰᠬᠠᠢ ᠮᠡᠷᠭᠡᠵᠢᠯ ᠤᠨ ᠳᠡᠭᠡᠳᠦ | ᠰᠤᠷᠭᠠᠭᠤᠯᠢ ︵ᠲᠤᠰᠬᠠᠶ ᠮᠡᠷᠭᠡᠵᠢᠯ ᠤᠨ ᠰᠤᠷᠭᠠᠭᠤᠯᠢ︶ ᠪᠤᠶᠤ ᠵᠢᠩᠬᠢᠨᠢ ᠠᠩᠭᠢ ᠶᠢᠨ ᠬᠢᠷᠢ ᠪᠦᠲᠦᠮᠵᠢ ᠳᠤ ᠬᠢᠷᠢ | ᠲᠡᠩᠴᠡᠭᠰᠡᠨ ᠪᠦᠭᠡᠳ ᠰᠣᠶᠣᠯ ᠤᠨ ᠰᠢᠯᠭᠠᠯᠲᠠ ᠶᠢᠨ ᠬᠢᠷᠢ ᠪᠦᠲᠦᠮᠵᠢ ᠨᠢ ᠮᠠᠨ ᠤ ᠣᠷᠣᠨ ᠤ ᠵᠣᠬᠢᠴᠠᠯᠳᠤᠭᠰᠠᠨ | ᠲᠤᠰᠬᠠᠶ ᠮᠡᠷᠭᠡᠵᠢᠯ ᠤᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠳᠤ ᠬᠦᠷᠦᠭᠰᠡᠨ ᠪᠣᠯ ᠡᠷᠡᠮᠡᠯᠵᠡᠯ ᠢᠶᠠᠨ | ᠮᠡᠳᠡᠭᠦᠯᠦᠭᠰᠡᠨ ᠳᠠᠷᠠᠭᠠᠯᠠᠯ ᠢᠶᠠᠷ ᠨᠢ᠂ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢᠨ ᠥᠨᠳᠥᠷ ᠬᠤᠪᠢ ᠠᠴᠠ ᠨᠢ | ᠳᠠᠷᠠᠭᠠᠯᠠᠨ ᠵᠢᠭᠰᠠᠭᠠᠵᠤ ᠳᠠᠩᠰᠠ ᠡᠪᠬᠡᠮᠡᠯ ᠳᠡᠪᠰᠢᠭᠦᠯᠬᠦ ᠬᠠᠷᠢᠴᠠᠯ ᠢᠶᠠᠷ ᠳᠠᠩᠰᠠ ᠡᠪᠬᠡᠮᠡᠯ ᠢ ᠨᠢ ᠳᠡᠪᠰᠢᠭᠦᠯᠦᠨ᠎ᠡ᠃ | 03. ᠪᠤᠰᠤᠳ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠳᠠᠩᠰᠠ ᠡᠪᠬᠡᠮᠡᠯ ᠳᠡᠪᠰᠢᠭᠦᠯᠬᠦ ᠳᠦᠷᠢᠮ | ᠪᠤᠰᠤᠳ ᠤᠷᠠᠯᠢᠭ ᠤᠨ ᠲᠥᠷᠥᠯ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠦᠭᠰᠡᠨ | ᠰᠢᠯᠭᠠᠭᠤᠯᠤᠭᠴᠢ ᠬᠡᠷᠪᠡ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠪᠠᠷ ᠢᠶᠠᠨ ᠰᠤᠷᠤᠭᠴᠢ ᠡᠯᠰᠡᠳᠡᠭ | ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠦᠭᠰᠡᠨ ᠪᠣᠯ ᠵᠣᠬᠢᠴᠠᠯᠳᠤᠭᠰᠠᠨ ᠰᠤᠷᠭᠠᠭᠤᠯᠢ ᠶᠢᠨ ᠰᠢᠯᠭᠠᠯᠲᠠ ᠳᠤ ᠬᠢᠷᠢ | ᠲᠡᠩᠴᠡᠵᠦ᠂ ᠬᠡᠷᠪᠡ ᠮᠠᠨ ᠤ ᠣᠷᠣᠨ ᠤ ᠬᠠᠮᠲᠤᠷᠠᠭᠰᠠᠨ ᠰᠢᠯᠭᠠᠯᠲᠠ ᠶᠢᠨ ᠬᠢᠷᠢ ᠪᠦᠲᠦᠮᠵᠢ ᠪᠠᠷ ᠰᠣᠷᠤᠭᠴᠢ ᠡᠯᠰᠡᠬᠦ | ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠦᠭᠰᠡᠨ ᠪᠣᠯ ᠵᠢᠩᠬᠢᠨᠢ ᠠᠩᠭᠢ ᠶᠢᠨ ᠬᠠᠮᠲᠤᠷᠠᠭᠰᠠᠨ ᠰᠢᠯᠭᠠᠯᠲᠠ ᠶᠢᠨ ᠬᠢᠷᠢ | ᠪᠦᠲᠦᠮᠵᠢ ᠨᠢ ᠬᠢᠷᠢ ᠲᠡᠩᠴᠡᠭᠰᠡᠨ ᠪᠥᠭᠡᠳ ᠰᠣᠶᠣᠯ ᠤᠨ ᠰᠢᠯᠭᠠᠯᠲᠠ ᠶᠢᠨ ᠬᠢᠷᠢ ᠪᠦᠲᠦᠮᠵᠢ ᠨᠢ ᠮᠠᠨ ᠤ ᠣᠷᠣᠨ ᠤ | ᠪᠤᠰᠤᠳ ᠤᠷᠠᠯᠢᠭ ᠤᠨ ᠲᠥᠷᠥᠯ ᠤᠨ ᠵᠢᠩᠬᠢᠨᠢ ᠠᠩᠭᠢ ᠶᠢᠨ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠳᠤ | ᠬᠦᠷᠦᠭᠰᠡᠨ ᠪᠣᠯ ᠡᠷᠡᠮᠡᠯᠵᠡᠯ ᠮᠡᠳᠡᠭᠦᠯᠦᠭᠰᠡᠨ ᠳᠠᠷᠠᠭᠠᠯᠠᠯ ᠢᠶᠠᠷ ᠨᠢ ᠪᠦᠬᠦᠨ ᠢ ᠰᠤᠷᠤᠭᠴᠢ ᠡᠯᠰᠡᠬᠦ ᠶᠡᠭᠡ ᠳᠡᠭᠡᠳᠦ | ᠰᠤᠷᠭᠠᠭᠤᠯᠢ ᠳᠤ ᠳᠡᠪᠰᠢᠭᠦᠯᠦᠨ᠎ᠡ᠃ | ᠪᠤᠰᠤᠳ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢᠨ | ᠵᠣᠬᠢᠴᠠᠯᠳᠤᠭᠰᠠᠨ ᠬᠠᠮᠳᠤᠷᠠᠭᠰᠠᠨ ᠰᠢᠯᠭᠠᠯᠲᠠ ᠶᠢᠨ ᠵᠢᠩᠬᠢᠨᠢ ᠠᠩᠭᠢ ᠪᠤᠶᠤ ᠲᠤᠰᠬᠠᠶ ᠮᠡᠷᠭᠡᠵᠢᠯ ᠤᠨ ᠬᠢᠷᠢ | ᠪᠦᠲᠦᠮᠵᠢ ᠨᠢ ᠬᠢᠷᠢ ᠲᠡᠩᠴᠡᠭᠰᠡᠨ ᠪᠥᠭᠡᠳ ᠰᠣᠶᠣᠯ ᠤᠨ ᠰᠢᠯᠭᠠᠯᠲᠠ ᠶᠢᠨ ᠬᠢᠷᠢ ᠪᠦᠲᠦᠮᠵᠢ ᠨᠢ ᠮᠠᠨ ᠤ ᠣᠷᠣᠨ ᠤ | ᠪᠤᠰᠤᠳ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠬᠠᠮᠤᠭ ᠤᠨ ᠳᠣᠣᠷ᠎ᠠ ᠬᠢᠵᠠᠭᠠᠷᠯᠠᠬᠤ | ᠬᠤᠪᠢ ᠳᠤ ᠬᠦᠷᠦᠭᠰᠡᠨ ᠪᠣᠯ ᠡᠷᠡᠮᠡᠯᠵᠡᠯ ᠮᠡᠳᠡᠭᠦᠯᠦᠭᠰᠡᠨ ᠳᠠᠷᠠᠭᠠᠯᠠᠯ ᠢᠶᠠᠷ ᠨᠢ᠂ ᠰᠣᠶᠣᠯ ᠤᠨ ᠬᠢᠴᠢᠶᠡᠯ ᠤᠨ ᠬᠢᠷᠢ | ᠪᠦᠲᠦᠮᠵᠢ ᠶᠢᠨ ᠥᠨᠳᠥᠷ ᠬᠤᠪᠢ ᠠᠴᠠ ᠨᠢ ᠳᠠᠷᠠᠭᠠᠯᠠᠨ ᠵᠢᠭᠰᠠᠭᠠᠵᠤ ᠳᠠᠩᠰᠠ ᠡᠪᠬᠡᠮᠡᠯ ᠳᠡᠪᠰᠢᠭᠦᠯᠬᠦ ᠬᠠᠷᠢᠴᠠᠯ ᠢᠶᠠᠷ | ᠳᠠᠩᠰᠠ ᠡᠪᠬᠡᠮᠡᠯ ᠢ ᠨᠢ ᠳᠡᠪᠰᠢᠭᠦᠯᠦᠨ᠎ᠡ᠃ | 04.ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ ᠤᠷᠠᠯᠢᠭ ᠤᠨ ᠲᠥᠷᠥᠯ ᠤᠨ ᠵᠢᠩᠬᠢᠨᠢ | ᠠᠩᠭᠢ ᠶᠢᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠲᠦᠷᠢᠮ | ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ ᠤᠷᠠᠯᠢᠭ ᠤᠨ ᠲᠥᠷᠥᠯ ᠤᠨ ᠵᠢᠩᠬᠢᠨᠢ ᠠᠩᠭᠢ ᠶᠢᠨ | ᠲᠤᠰᠬᠠᠶ ᠮᠡᠷᠭᠡᠵᠢᠯ ᠳᠤ ᠣᠷᠣᠨ ᠤ ᠲᠤᠲᠤᠷᠠᠬᠢ ᠰᠢᠯᠭᠠᠭᠤᠯᠤᠭᠴᠢ ᠶᠢ ᠡᠯᠰᠡᠬᠦ ᠳᠤ᠂ ᠳᠡᠭᠡᠷ᠎ᠡ ᠳᠤᠷᠠᠳᠤᠭᠰᠠᠨ 02᠂ | 03 ᠳ᠋ᠤᠭᠠᠷ ᠳᠠᠩᠰᠠ ᠡᠪᠬᠡᠮᠡᠯ ᠳᠡᠪᠰᠢᠭᠦᠯᠬᠦ ᠲᠦᠷᠢᠮ ᠢ ᠬᠡᠷᠡᠭᠵᠢᠭᠦᠯᠬᠦ ᠠᠴᠠ ᠭᠠᠳᠠᠨ᠎ᠠ᠂ ᠡᠯ᠎ᠡ ᠲᠤᠰᠬᠠᠶ | ᠮᠡᠷᠭᠡᠵᠢᠯ ᠨᠢ ᠡᠷᠬᠡᠪᠰᠢ ᠳᠣᠣᠷᠠᠬᠢ 4 ᠵᠦᠢᠯ ᠤᠨ ᠵᠠᠭᠪᠤᠷᠰᠢᠯ ᠤᠨ ᠨᠢᠭᠡ ᠶᠢ ᠨᠢ ᠰᠣᠩᠭᠤᠵᠤ ᠲᠤᠰ ᠲᠤᠰᠬᠠᠶ | ᠮᠡᠷᠭᠡᠵᠢᠯ ᠤᠨ ᠳᠠᠩᠰᠠ ᠡᠪᠬᠡᠮᠡᠯ ᠳᠡᠪᠰᠢᠭᠦᠯᠦᠭᠰᠡᠨ ᠰᠢᠯᠭᠠᠭᠤᠯᠤᠭᠴᠢ ᠶᠢ ᠡᠯᠰᠡᠬᠦ ᠲᠦᠷᠢᠮ ᠪᠣᠯᠭᠠᠨ᠎ᠠ᠂ ᠠᠳᠠᠯᠢ | ᠨᠢᠭᠡᠨ ᠶᠡᠭᠡ ᠳᠡᠭᠡᠳᠦ ᠰᠤᠷᠭᠠᠭᠤᠯᠢ ᠠᠳᠠᠯᠢ ᠨᠢᠭᠡᠨ ᠲᠤᠰᠬᠠᠶ ᠮᠡᠷᠭᠡᠵᠢᠯ ᠨᠢ ᠵᠥᠪᠬᠡᠨ ᠨᠢᠭᠡ ᠯᠡ ᠵᠠᠭᠪᠤᠷᠰᠢᠯ ᠢ | ᠰᠤᠩᠭᠤᠵᠤ ᠪᠣᠯᠣᠨ᠎ᠠ᠄ | 1 . ᠲᠤᠰᠬᠠᠶ ᠮᠡᠷᠭᠡᠵᠢᠯ ᠤᠨ ᠰᠢᠯᠭᠠᠯᠲᠠ ᠶᠢᠨ ᠬᠢᠷᠢ ᠪᠦᠲᠦᠮᠵᠢ ᠪᠠᠷ ᠥᠨᠳᠥᠷ ᠬᠤᠪᠢ ᠠᠴᠠ ᠨᠢ ᠳᠣᠣᠷ᠎ᠠ | ᠬᠤᠪᠢ ᠲᠡᠰᠢ ᠰᠢᠯᠢᠳᠡᠭ ᠢ ᠨᠢ ᠰᠣᠩᠭᠤᠵᠤ ᠡᠯᠰᠡᠨ᠎ᠡ︔ | 2 . ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢᠨ ᠥᠨᠳᠥᠷ ᠬᠤᠪᠢ ᠠᠴᠠ ᠨᠢ ᠳᠣᠣᠷ᠎ᠠ ᠬᠤᠪᠢ ᠲᠡᠰᠢ | ᠰᠢᠯᠢᠳᠡᠭ ᠢ ᠨᠢ ᠰᠣᠩᠭᠤᠵᠤ ᠡᠯᠰᠡᠨ᠎ᠡ︔ | 3 . ᠲᠤᠰᠬᠠᠶ ᠮᠡᠷᠭᠡᠵᠢᠯ ᠤᠨ ᠰᠢᠯᠭᠠᠯᠲᠠ ᠶᠢᠨ ᠬᠢᠷᠢ ᠪᠦᠲᠦᠮᠵᠢ ᠶᠢᠨ 60% ᠬᠢᠭᠡᠳ ᠰᠣᠶᠣᠯ ᠤᠨ | ᠬᠢᠴᠢᠶᠡᠯ ᠤᠨ ᠬᠢᠷᠢ ᠪᠦᠲᠦᠮᠵᠢ ᠶᠢᠨ 40% ᠶᠢᠨ ᠨᠡᠶᠢᠯᠡᠪᠦᠷᠢ ᠪᠠᠷ ᠥᠨᠳᠥᠷ ᠬᠤᠪᠢ ᠠᠴᠠ ᠨᠢ ᠳᠣᠣᠷ᠎ᠠ ᠬᠤᠪᠢ | ᠲᠡᠰᠢ ᠰᠢᠯᠢᠳᠡᠭ ᠢ ᠨᠢ ᠰᠣᠩᠭᠤᠵᠤ ᠡᠯᠰᠡᠨ᠎ᠡ︔ | 4 . ᠲᠤᠰᠬᠠᠶ ᠮᠡᠷᠭᠡᠵᠢᠯ ᠤᠨ ᠰᠢᠯᠭᠠᠯᠲᠠ ᠶᠢᠨ ᠬᠢᠷᠢ ᠪᠦᠲᠦᠮᠵᠢ ᠶᠢᠨ 40% ᠬᠢᠭᠡᠳ ᠰᠣᠶᠣᠯ ᠤᠨ | ᠬᠢᠴᠢᠶᠡᠯ ᠤᠨ ᠬᠢᠷᠢ ᠪᠦᠲᠦᠮᠵᠢ ᠶᠢᠨ 60% ᠶᠢᠨ ᠨᠡᠶᠢᠯᠡᠪᠦᠷᠢ ᠪᠠᠷ ᠥᠨᠳᠥᠷ ᠬᠤᠪᠢ ᠠᠴᠠ ᠨᠢ ᠳᠣᠣᠷ᠎ᠠ ᠬᠤᠪᠢ | ᠲᠡᠰᠢ ᠰᠢᠯᠢᠳᠡᠭ ᠢ ᠨᠢ ᠰᠣᠩᠭᠤᠵᠤ ᠡᠯᠰᠡᠨ᠎ᠡ᠃ | ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠤᠷᠠᠯᠢᠭ ᠤᠨ ᠲᠥᠷᠥᠯ ᠤᠨ ᠰᠤᠷᠤᠭᠴᠢ ᠡᠯᠰᠡᠬᠦ ᠳᠤ᠂ | ᠲᠤᠰᠬᠠᠢ ᠮᠡᠷᠭᠡᠵᠢᠯ ᠤᠨ ᠨᠢᠭᠡᠳᠦᠭᠡᠷ ᠡᠷᠡᠮᠡᠯᠵᠡᠯ ᠤᠨ ᠵᠠᠷᠴᠢᠮ ᠶᠣᠰᠣᠭᠠᠷ᠂ ᠲᠤᠰᠬᠠᠢ ᠮᠡᠷᠭᠡᠵᠢᠯ ᠤᠨ ᠡᠮᠦᠨᠡᠬᠢ ᠨᠢᠭᠡ | ᠡᠷᠡᠮᠡᠯᠵᠡᠯ ᠤᠨ ᠰᠢᠯᠭᠠᠭᠤᠯᠤᠭᠴᠢ ᠶᠢᠨ ᠢᠷᠡᠯᠲᠡ ᠶᠢᠨ ᠬᠦᠷᠦᠯᠴᠡᠬᠦ ᠦᠭᠡᠢ ᠪᠣᠯ ᠲᠤᠰᠬᠠᠢ ᠮᠡᠷᠭᠡᠵᠢᠯ ᠤᠨ ᠳᠠᠷᠠᠭᠠᠬᠢ | ᠡᠯᠰᠡᠭᠳᠡᠭᠡᠳᠦᠢ ᠰᠢᠯᠭᠠᠭᠤᠯᠤᠭᠴᠢ ᠠᠴᠠ ᠡᠯᠰᠡᠵᠦ ᠪᠣᠯᠣᠨ᠎ᠠ᠃ | 05. ᠪᠡᠶ᠎ᠡ ᠶᠢᠨ ᠲᠠᠮᠢᠷ ᠤᠨ ᠲᠥᠷᠥᠯ ᠤᠨ ᠲᠤᠰᠬᠠᠶ ᠮᠡᠷᠭᠡᠵᠢᠯ ᠤᠨ ᠳᠠᠩᠰᠠ ᠡᠪᠬᠡᠮᠡᠯ ᠳᠡᠪᠰᠢᠭᠦᠯᠬᠦ ᠳᠦᠷᠢᠮ | ᠪᠡᠶ᠎ᠡ ᠶᠢᠨ ᠲᠠᠮᠢᠷ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠦᠭᠰᠡᠨ | ᠰᠢᠯᠭᠠᠭᠤᠯᠤᠭᠴᠢ ᠶᠢᠨ ᠰᠣᠶᠣᠯ᠂ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠢᠯᠭᠠᠯᠲᠠ ᠶᠢᠨ ᠬᠢᠷᠢ | ᠪᠦᠲᠦᠮᠵᠢ ᠨᠢ ᠮᠠᠨ ᠤ ᠣᠷᠣᠨ ᠤ ᠲᠣᠭᠲᠠᠭᠠᠭᠰᠠᠨ ᠵᠢᠩᠬᠢᠨᠢ ᠠᠩᠭᠢ ᠶᠢᠨ ᠰᠤᠷᠤᠭᠴᠢ ᠡᠯᠰᠡᠬᠦ ᠬᠠᠮᠤᠭ ᠤᠨ ᠳᠣᠣᠷ᠎ᠠ | ᠬᠢᠵᠠᠭᠠᠷᠯᠠᠬᠤ ᠬᠤᠪᠢ ᠳᠤ ᠬᠦᠷᠦᠭᠰᠡᠨ ᠪᠣᠯ ᠡᠷᠡᠮᠡᠯᠵᠡᠯ ᠢᠶᠠᠨ ᠮᠡᠳᠡᠭᠦᠯᠦᠭᠰᠡᠨ ᠳᠠᠷᠠᠭᠠᠯᠠᠯ ᠢᠶᠠᠷ ᠨᠢ᠂ ᠰᠤᠷᠤᠭᠴᠢ | ᠡᠯᠰᠡᠬᠦ ᠶᠡᠭᠡ ᠳᠡᠭᠡᠳᠦ ᠰᠤᠷᠭᠠᠭᠤᠯᠢ ᠶᠢᠨ ᠱᠠᠭᠠᠷᠳᠠᠭᠰᠠᠨ ᠪᠡᠶ᠎ᠡ ᠶᠢᠨ ᠲᠠᠮᠢᠷ ᠤᠨ ᠲᠥᠷᠥᠯ ᠤᠨ ᠲᠤᠰᠬᠠᠶ | ᠮᠡᠷᠭᠡᠵᠢᠯ ᠤᠨ ᠳᠠᠩᠰᠠ ᠡᠪᠬᠡᠮᠡᠯ ᠳᠡᠪᠰᠢᠭᠦᠯᠬᠦ ᠲᠦᠷᠢᠮ ᠶᠣᠰᠣᠭᠠᠷ ᠲᠡᠩᠰᠠ ᠡᠪᠬᠡᠮᠡᠯ ᠳᠡᠪᠰᠢᠭᠦᠯᠬᠦ ᠬᠠᠷᠢᠴᠠᠯ ᠢᠶᠠᠷ | ᠳᠠᠩᠰᠠ ᠡᠪᠬᠡᠮᠡᠯ ᠢ ᠨᠢ ᠳᠡᠪᠰᠢᠭᠦᠯᠵᠦ᠂ ᠠᠳᠠᠯᠢ ᠨᠢᠭᠡᠨ ᠰᠤᠷᠤᠭᠴᠢ ᠡᠯᠰᠡᠬᠦ ᠲᠥᠯᠥᠪᠯᠡᠭᠡᠲᠦ ᠲᠥᠷᠥᠯ ᠤᠨ ᠡᠯ᠎ᠡ | ᠲᠤᠰᠬᠠᠶ ᠮᠡᠷᠭᠡᠵᠢᠯ ᠳᠤ ᠴᠥᠮ ᠠᠳᠠᠯᠢ ᠨᠢᠭᠡᠨ ᠳᠠᠩᠰᠠ ᠡᠪᠬᠡᠮᠡᠯ ᠳᠡᠪᠰᠢᠭᠦᠯᠬᠦ ᠲᠦᠷᠢᠮ ᠢ ᠬᠡᠷᠡᠭᠵᠢᠭᠦᠯᠦᠨ᠎ᠡ︔ | ᠪᠡᠶ᠎ᠡ ᠶᠢᠨ ᠲᠠᠮᠢᠷ ᠤᠨ ᠲᠥᠷᠥᠯ ᠤᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢᠨ | ᠰᠣᠶᠣᠯ᠂ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠢᠯᠭᠠᠯᠲᠠ ᠶᠢᠨ ᠬᠢᠷᠢ ᠪᠦᠲᠦᠮᠵᠢ ᠨᠢ ᠮᠠᠨ ᠤ ᠣᠷᠣᠨ ᠤ | ᠲᠣᠭᠲᠠᠭᠠᠭᠰᠠᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠬᠠᠮᠤᠭ ᠤᠨ ᠳᠣᠣᠷ᠎ᠠ ᠬᠢᠵᠠᠭᠠᠷᠯᠠᠬᠤ ᠬᠤᠪᠢ ᠳᠤ | ᠬᠦᠷᠦᠭᠰᠡᠨ ᠪᠣᠯ ᠡᠷᠡᠮᠡᠯᠵᠡᠯ ᠢᠶᠠᠨ ᠮᠡᠳᠡᠭᠦᠯᠦᠭᠰᠡᠨ ᠳᠠᠷᠠᠭᠠᠯᠠᠯ ᠢᠶᠠᠷ ᠨᠢ᠂ ᠰᠣᠶᠣᠯ ᠤᠨ ᠬᠢᠴᠢᠶᠡᠯ ᠤᠨ ᠬᠢᠷᠢ | ᠪᠦᠲᠦᠮᠵᠢ ᠶᠢᠨ ᠥᠨᠳᠥᠷ ᠬᠤᠪᠢ ᠠᠴᠠ ᠨᠢ ᠳᠠᠷᠠᠭᠠᠯᠠᠨ ᠵᠢᠭᠰᠠᠭᠠᠵᠤ ᠳᠠᠩᠰᠠ ᠡᠪᠬᠡᠮᠡᠯ ᠳᠡᠪᠰᠢᠭᠦᠯᠬᠦ ᠬᠠᠷᠢᠴᠠᠯ ᠢᠶᠠᠷ | ᠳᠠᠩᠰᠠ ᠡᠪᠬᠡᠮᠡᠯ ᠢ ᠨᠢ ᠳᠡᠪᠰᠢᠭᠦᠯᠦᠨ᠎ᠡ᠃ | 06. ᠡᠷᠡᠮᠡᠯᠵᠡᠯ ᠨᠢ ᠠᠳᠠᠯᠢ᠂ ᠳᠠᠩᠰᠠ ᠡᠪᠬᠡᠮᠡᠯ ᠳᠡᠪᠰᠢᠭᠦᠯᠬᠦ ᠬᠢᠷᠢ ᠪᠦᠲᠦᠮᠵᠢ ᠨᠢ ᠠᠳᠠᠯᠢ | ᠰᠢᠯᠭᠠᠭᠤᠯᠤᠭᠴᠢᠳ ᠤᠨ ᠳᠠᠩᠰᠠ ᠡᠪᠬᠡᠮᠡᠯ ᠢ ᠳᠡᠪᠰᠢᠭᠦᠯᠬᠦ ᠲᠣᠬᠠᠢ ᠲᠦᠷᠢᠮ | ᠳᠠᠩᠰᠠ ᠡᠪᠬᠡᠮᠡᠯ ᠳᠡᠪᠰᠢᠭᠦᠯᠬᠦ ᠦᠶ᠎ᠡ ᠳᠤ᠂ ᠡᠷᠡᠮᠡᠯᠵᠡᠯ ᠨᠢ ᠠᠳᠠᠯᠢ᠂ ᠳᠠᠩᠰᠠ ᠡᠪᠬᠡᠮᠡᠯ ᠳᠡᠪᠰᠢᠭᠦᠯᠬᠦ ᠬᠢᠷᠢ | ᠪᠦᠲᠦᠮᠵᠢ ᠨᠢ ᠠᠳᠠᠯᠢ ᠣᠯᠠᠨ ᠰᠢᠯᠭᠠᠭᠤᠯᠤᠭᠴᠢᠳ ᠳᠣᠬᠢᠶᠠᠯᠳᠤᠪᠠᠯ᠂ ᠵᠠᠷᠴᠢᠮ ᠳᠡᠭᠡᠷ᠎ᠡ ᠪᠠᠨ ᠶᠡᠭᠡ ᠳᠡᠭᠡᠳᠦ | ᠰᠤᠷᠭᠠᠭᠤᠯᠢ ᠶᠢᠨ ᠱᠠᠭᠠᠷᠳᠠᠭᠰᠠᠨ ᠲᠡᠩᠰᠠ ᠡᠪᠬᠡᠮᠡᠯ ᠳᠡᠪᠰᠢᠭᠦᠯᠬᠦ ᠬᠠᠷᠢᠴᠠᠯ ᠤᠨ ᠬᠢᠵᠠᠭᠠᠷᠯᠠᠯ ᠢ ᠬᠦᠯᠢᠶᠡᠬᠦ ᠦᠭᠡᠢ | ᠪᠠᠷ ᠪᠦᠬᠦᠨ ᠢ ᠰᠤᠷᠤᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠳᠤ ᠳᠡᠪᠰᠢᠭᠦᠯᠵᠦ᠂ ᠰᠤᠷᠤᠭᠴᠢ ᠡᠯᠰᠡᠬᠦ ᠶᠡᠭᠡ | ᠳᠡᠭᠡᠳᠦ ᠰᠤᠷᠭᠠᠭᠤᠯᠢ ᠨᠢ ᠲᠡᠳᠡᠨ ᠤ ᠰᠤᠷᠤᠭᠴᠢ ᠡᠯᠰᠡᠬᠦ ᠲᠦᠷᠢᠮ ᠳᠤ ᠲᠣᠭᠲᠠᠭᠠᠭᠰᠠᠨ ᠡᠯᠰᠡᠬᠦ ᠳᠦᠷᠢᠮ ᠶᠣᠰᠣᠭᠠᠷ | ᠰᠤᠷᠤᠭᠴᠢ ᠡᠯᠰᠡᠬᠦ ᠲᠥᠯᠥᠪᠯᠡᠭᠡ ᠶᠢᠨ ᠬᠡᠪᠴᠢᠶᠡᠨ ᠲᠤᠲᠤᠷ᠎ᠠ ᠰᠢᠯᠢᠳᠡᠭ ᠢ ᠨᠢ ᠰᠣᠩᠭᠤᠵᠤ ᠡᠯᠰᠡᠨ᠎ᠡ᠃ ᠡᠭᠦᠨ ᠳᠤ | ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠦᠷᠢᠮ ᠳᠤ ᠠᠳᠠᠯᠢ ᠬᠤᠪᠢ ᠲᠠᠢ ᠰᠢᠯᠭᠠᠭᠤᠯᠤᠭᠴᠢᠳ ᠠᠴᠠ | ᠰᠢᠯᠢᠳᠡᠭ ᠢ ᠨᠢ ᠰᠤᠩᠭᠤᠵᠤ ᠡᠯᠰᠡᠬᠦ ᠲᠤᠬᠠᠶ ᠲᠣᠳᠣᠷᠬᠠᠶᠢᠯᠠᠭᠰᠠᠨ ᠤᠢᠭᠡᠢ ᠪᠠᠶᠢᠪᠠᠯ᠂ ᠨᠡᠶᠢᠭᠡᠮ ᠤᠨ ᠰᠢᠨᠵᠢᠯᠡᠬᠦ | ᠤᠬᠠᠭᠠᠨ ᠪᠣᠯ ᠪᠣᠳᠠᠲᠠᠶ ᠰᠢᠯᠭᠠᠯᠲᠠ ᠶᠢᠨ ᠶᠡᠷᠦᠩᠬᠡᠶ ᠬᠤᠪᠢ᠂ ᠬᠡᠯᠡ ᠪᠢᠴᠢᠭ᠂ ᠨᠡᠶᠢᠭᠡᠮ ᠤᠨ ᠰᠢᠨᠵᠢᠯᠡᠬᠦ | ᠤᠬᠠᠭᠠᠨ ᠤ ᠶᠡᠷᠦᠩᠬᠡᠶᠢᠯᠡᠭᠰᠡᠨ ᠰᠢᠯᠭᠠᠯᠲᠠ᠂ ᠭᠠᠳᠠᠭᠠᠳᠤ ᠬᠡᠯᠡ᠂ ᠨᠡᠶᠢᠭᠡᠮ ᠤᠨ ᠰᠢᠨᠵᠢᠯᠡᠬᠦ ᠤᠬᠠᠭᠠᠨ ᠤ ᠲᠣᠭᠠᠨ | ᠪᠤᠳᠤᠯᠭ᠎ᠠ ᠶᠢᠨ ᠳᠡᠰ ᠳᠠᠷᠠᠭᠠᠯᠠᠯ ᠢᠶᠠᠷ ᠬᠠᠷᠢᠴᠠᠭᠤᠯᠵᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠪᠣᠯ ᠪᠣᠳᠠᠲᠠᠶ | ᠰᠢᠯᠭᠠᠯᠲᠠ ᠶᠢᠨ ᠶᠡᠷᠦᠩᠬᠡᠶ ᠬᠤᠪᠢ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠣᠭᠠᠨ ᠪᠤᠳᠤᠯᠭ᠎ᠠ᠂ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠰᠢᠯᠭᠠᠯᠲᠠ᠂ ᠬᠡᠯᠡ ᠪᠢᠴᠢᠭ᠂ ᠭᠠᠳᠠᠭᠠᠳᠤ ᠬᠡᠯᠡ ᠶᠢᠨ ᠳᠡᠰ | ᠳᠠᠷᠠᠭᠠᠯᠠᠯ ᠢᠶᠠᠷ ᠬᠠᠷᠢᠴᠠᠭᠤᠯᠵᠤ ᠰᠤᠷᠤᠭᠴᠢ ᠡᠯᠰᠡᠬᠦ ᠲᠥᠯᠥᠪᠯᠡᠭᠡ ᠶᠢᠨ ᠬᠡᠪᠴᠢᠶᠡᠨ ᠲᠤᠲᠤᠷ᠎ᠠ ᠰᠢᠯᠢᠳᠡᠭ ᠢ ᠨᠢ | ᠰᠣᠩᠭᠤᠵᠤ ᠡᠯᠰᠡᠨ᠎ᠡ᠃ |