ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ | B ᠪᠦᠯᠦᠭ᠂ ᠲᠤᠰᠬᠠᠶ ᠮᠡᠷᠭᠡᠵᠢᠯ ᠤᠨ ᠠᠩᠭᠢ ᠶᠢᠨ ᠤᠷᠢᠳᠴᠢᠯᠠᠨ ᠡᠯᠰᠡᠬᠦ ᠪᠦᠯᠦᠭ ᠤᠨ ᠴᠡᠷᠢᠭ ᠤᠨ ᠶᠠᠪᠤᠳᠠᠯ ︵ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠤᠬᠴᠢ ᠪᠠᠭᠲᠠᠨ᠎ᠠ︶᠂ ᠳᠣᠲᠣᠭᠠᠳᠤ ᠶᠢ ᠬᠠᠮᠠᠭᠠᠯᠠᠬᠤ᠂ | ᠳᠣᠲᠣᠭᠠᠳᠤ ᠶᠢ ᠬᠠᠮᠠᠭᠠᠯᠠᠬᠤ ᠴᠡᠷᠢᠭ ᠤᠨ ᠠᠯᠪᠠ ᠬᠠᠭᠠᠬᠤ᠂ ᠲᠥᠪ ᠤᠨ ᠬᠠᠤᠯᠢ ᠴᠠᠭᠠᠵᠠ ᠶᠢᠨ ᠴᠠᠭᠳᠠᠭ᠎ᠠ ᠶᠢᠨ | ᠳᠡᠭᠡᠳᠦ ᠰᠤᠷᠭᠠᠭᠤᠯᠢ᠂ ᠪᠡᠭᠡᠵᠢᠩ ᠤᠨ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ | ᠵᠡᠷᠭᠡ ᠡᠯ᠎ᠡ ᠲᠥᠷᠥᠯ ᠤᠨ ᠶᠡᠭᠡ ᠳᠡᠭᠡᠳᠦ ᠰᠤᠷᠭᠠᠭᠤᠯᠢ ᠨᠤᠭᠤᠳ ᠲᠤ ᠰᠢᠯᠭᠠᠭᠤᠯᠤᠭᠰᠠᠳ ᠡᠷᠡᠮᠡᠯᠵᠡᠯ ᠢᠶᠠᠨ ᠥᠪᠥᠷ | ᠮᠣᠩᠭᠤᠯ ᠤᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ | ᠬᠤᠯᠪᠣᠭᠳᠠᠯ ᠪᠥᠬᠦᠢ ᠤᠴᠢᠷ ᠶᠠᠪᠤᠳᠠᠯ ᠢ ᠨᠡᠶᠢᠲᠡᠯᠡᠭᠰᠡᠨ ᠪᠠᠶᠢᠨ᠎ᠠ᠃ | ᠡᠷᠡᠮᠡᠯᠵᠡᠯ ᠢᠶᠠᠨ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠨᠥᠬᠦᠴᠡᠯ | ᠳᠠᠩᠰᠠ ᠡᠪᠬᠡᠮᠡᠯ ᠳᠡᠪᠰᠢᠭᠦᠯᠬᠦ ᠬᠤᠪᠢ ︵ᠲᠤᠬᠠᠶᠢᠯᠠᠪᠠᠯ ᠰᠣᠶᠣᠯ ᠤᠨ ᠬᠢᠴᠢᠶᠡᠯ ᠤᠨ ᠶᠡᠷᠦᠩᠬᠡᠶ ᠬᠤᠪᠢ | ᠳᠡᠭᠡᠷ᠎ᠡ ᠬᠠᠷᠠᠭᠠᠯᠵᠠᠬᠤ ᠬᠤᠪᠢ ᠶᠢ ᠨᠡᠮᠡᠨ᠎ᠡ᠂ ᠳᠣᠷᠣᠭᠰᠢ ᠠᠳᠠᠯᠢ︶ ᠨᠢ ᠵᠢᠩᠬᠢᠨᠢ ᠠᠩᠭᠢ ᠶᠢᠨ ᠨᠢᠭᠡᠳᠦᠭᠡᠷ | ᠪᠦᠯᠦᠭ ᠤᠨ ᠰᠤᠷᠤᠭᠴᠢ ᠡᠯᠰᠡᠬᠦ ᠬᠠᠮᠤᠭ ᠤᠨ ᠳᠣᠣᠷ᠎ᠠ ᠬᠤᠪᠢ ᠳᠤ ᠬᠦᠷᠦᠭᠰᠡᠨ ᠪᠥᠭᠡᠳ ᠪᠠᠶᠢᠳᠠᠯ ᠨᠢ ᠡᠷᠬᠡ | ᠴᠢᠯᠥᠭᠡ ᠲᠠᠢ ᠪᠠᠷ ᠨᠡᠷ᠎ᠡ ᠮᠡᠳᠡᠭᠦᠯᠵᠦ ᠪᠣᠯᠬᠤ ᠰᠢᠯᠭᠠᠭᠤᠯᠤᠭᠴᠢ ᠪᠣᠯ ᠡᠷᠡᠮᠡᠯᠵᠡᠯ ᠢᠶᠠᠨ ᠵᠢᠩᠬᠢᠨᠢ ᠠᠩᠭᠢ ᠶᠢᠨ | ᠤᠷᠢᠳᠴᠢᠯᠠᠨ ᠡᠯᠰᠡᠬᠦ A ᠪᠦᠯᠦᠭ ︵ᠵᠢᠩᠬᠢᠨᠢ ᠠᠩᠭᠢ ᠶᠢᠨ ᠨᠢᠭᠡᠳᠦᠭᠡᠷ ᠪᠦᠯᠦᠭ︶ ᠲᠤ ᠲᠠᠭᠯᠠᠨ ᠮᠡᠳᠡᠭᠦᠯᠵᠦ | ᠪᠣᠯᠤᠨ᠎ᠠ᠃ | ᠳᠠᠩᠰᠠ ᠡᠪᠬᠡᠮᠡᠯ ᠳᠡᠪᠰᠢᠭᠦᠯᠬᠦ ᠬᠤᠪᠢ ᠨᠢ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠰᠤᠷᠤᠭᠴᠢ | ᠡᠯᠰᠡᠬᠦ ᠬᠠᠮᠤᠭ ᠤᠨ ᠳᠣᠣᠷ᠎ᠠ ᠬᠤᠪᠢ ᠳᠤ ᠬᠦᠷᠦᠭᠰᠡᠨ ᠪᠥᠭᠡᠳ ᠪᠠᠶᠢᠳᠠᠯ ᠨᠢ ᠡᠷᠬᠡ ᠴᠢᠯᠥᠭᠡ ᠲᠠᠢ ᠪᠠᠷ ᠨᠡᠷ᠎ᠡ | ᠮᠡᠳᠡᠭᠦᠯᠵᠦ ᠪᠣᠯᠬᠤ ᠰᠢᠯᠭᠠᠭᠤᠯᠤᠭᠴᠢ ᠪᠣᠯ ᠡᠷᠡᠮᠡᠯᠵᠡᠯ ᠢᠶᠠᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A | ᠪᠦᠯᠦᠭ ︵ᠵᠢᠩᠬᠢᠨᠢ ᠠᠩᠭᠢ ᠶᠢᠨ ᠬᠤᠶᠠᠳᠤᠭᠠᠷ ᠪᠦᠯᠦᠭ︶ ᠲᠤ ᠲᠠᠭᠯᠠᠨ ᠮᠡᠳᠡᠭᠦᠯᠵᠦ ᠪᠣᠯᠤᠨ᠎ᠠ᠃ | ᠤᠯᠤᠰ ᠤᠨ ᠲᠤᠰᠬᠠᠢ ᠰᠢᠯᠭᠠᠯᠲᠠ ᠶᠢᠨ ᠨᠥᠬᠦᠴᠡᠯ ᠳᠤ ᠨᠡᠶᠢᠴᠡᠵᠦ᠂ ᠳᠠᠩᠰᠠ ᠡᠪᠬᠡᠮᠡᠯ ᠳᠡᠪᠰᠢᠭᠦᠯᠬᠦ ᠬᠤᠪᠢ | ᠨᠢ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠰᠤᠷᠤᠭᠴᠢ ᠡᠯᠰᠡᠬᠦ ᠬᠠᠮᠤᠭ ᠤᠨ ᠳᠣᠣᠷ᠎ᠠ ᠬᠤᠪᠢ ᠳᠤ | ᠬᠦᠷᠦᠭᠰᠡᠨ ᠪᠥᠭᠡᠳ ᠪᠠᠶᠢᠳᠠᠯ ᠨᠢ ᠡᠷᠬᠡ ᠴᠢᠯᠥᠭᠡ ᠲᠠᠢ ᠪᠠᠷ ᠨᠡᠷ᠎ᠡ ᠮᠡᠳᠡᠭᠦᠯᠵᠦ ᠪᠣᠯᠬᠤ ᠰᠢᠯᠭᠠᠭᠤᠯᠤᠭᠴᠢ ᠪᠣᠯ | ᠡᠷᠡᠮᠡᠯᠵᠡᠯ ᠢᠶᠠᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B ᠪᠦᠯᠦᠭ ︵ᠵᠢᠩᠬᠢᠨᠢ ᠠᠩᠭᠢ ᠶᠢᠨ ᠨᠢᠭᠡᠳᠦᠭᠡᠷ | ᠪᠦᠯᠦᠭ︶ ᠲᠤ ᠲᠠᠭᠯᠠᠨ ᠮᠡᠳᠡᠭᠦᠯᠵᠦ ᠪᠣᠯᠤᠨ᠎ᠠ᠃ | ᠤᠯᠤᠰ ᠤᠨ ᠲᠤᠰᠬᠠᠢ ᠰᠢᠯᠭᠠᠯᠲᠠ ᠶᠢᠨ ᠨᠥᠬᠦᠴᠡᠯ ᠳᠤ ᠨᠡᠶᠢᠴᠡᠵᠦ᠂ ᠳᠠᠩᠰᠠ ᠡᠪᠬᠡᠮᠡᠯ ᠳᠡᠪᠰᠢᠭᠦᠯᠬᠦ ᠬᠤᠪᠢ | ᠨᠢ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠰᠤᠷᠤᠭᠴᠢ ᠡᠯᠰᠡᠬᠦ ᠬᠠᠮᠤᠭ ᠤᠨ ᠳᠣᠣᠷ᠎ᠠ ᠬᠤᠪᠢ ᠳᠤ | ᠬᠦᠷᠦᠭᠰᠡᠨ ᠪᠥᠭᠡᠳ ᠪᠠᠶᠢᠳᠠᠯ ᠨᠢ ᠡᠷᠬᠡ ᠴᠢᠯᠥᠭᠡ ᠲᠠᠢ ᠪᠠᠷ ᠨᠡᠷ᠎ᠡ ᠮᠡᠳᠡᠭᠦᠯᠵᠦ ᠪᠣᠯᠬᠤ ᠰᠢᠯᠭᠠᠭᠤᠯᠤᠭᠴᠢ ᠪᠣᠯ | ᠡᠷᠡᠮᠡᠯᠵᠡᠯ ᠢᠶᠠᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B ᠪᠦᠯᠦᠭ ︵ᠵᠢᠩᠬᠢᠨᠢ ᠠᠩᠭᠢ ᠶᠢᠨ ᠬᠤᠶᠠᠳᠤᠭᠠᠷ | ᠪᠦᠯᠦᠭ︶ ᠲᠤ ᠲᠠᠭᠯᠠᠨ ᠮᠡᠳᠡᠭᠦᠯᠵᠦ ᠪᠣᠯᠤᠨ᠎ᠠ᠃ | ᠳᠠᠩᠰᠠ ᠡᠪᠬᠡᠮᠡᠯ ᠳᠡᠪᠰᠢᠭᠦᠯᠬᠦ ᠬᠤᠪᠢ ᠨᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | ᠪᠣᠯᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠬᠠᠮᠤᠭ ᠤᠨ ᠳᠣᠣᠷ᠎ᠠ | ᠬᠤᠪᠢ ᠳᠤ ᠬᠦᠷᠦᠭᠰᠡᠨ ᠪᠥᠭᠡᠳ ᠪᠠᠶᠢᠳᠠᠯ ᠨᠢ ᠡᠷᠬᠡ ᠴᠢᠯᠥᠭᠡ ᠲᠠᠢ ᠪᠠᠷ ᠨᠡᠷ᠎ᠡ ᠮᠡᠳᠡᠭᠦᠯᠵᠦ ᠪᠣᠯᠬᠤ | ᠰᠢᠯᠭᠠᠭᠤᠯᠤᠭᠴᠢ ᠪᠣᠯ ᠡᠷᠡᠮᠡᠯᠵᠡᠯ ᠢᠶᠠᠨ ᠲᠤᠰᠬᠠᠶ ᠮᠡᠷᠭᠡᠵᠢᠯ ᠤᠨ ᠤᠷᠢᠳᠴᠢᠯᠠᠨ ᠡᠯᠰᠡᠬᠦ ᠪᠦᠯᠦᠭ ᠲᠤ ᠲᠠᠭᠯᠠᠨ | ᠮᠡᠳᠡᠭᠦᠯᠵᠦ ᠪᠣᠯᠤᠨ᠎ᠠ᠃ | ᠡᠷᠡᠮᠡᠯᠵᠡᠯ ᠢᠶᠠᠨ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠴᠠᠭ | 6 ᠳ᠋ᠤᠭᠠᠷ ᠰᠠᠷ᠎ᠠ ᠶᠢᠨ 25 ᠤ ᠡᠳᠦᠷ ᠤᠨ ᠥᠷᠯᠥᠭᠡ ᠠᠴᠠ ᠡᠬᠢᠯᠡᠨ ᠡᠷᠡᠮᠡᠯᠵᠡᠯ ᠢᠶᠠᠨ ᠰᠦᠯᠵᠢᠶᠡᠨ ᠳᠡᠭᠡᠷ᠎ᠡ | ᠲᠠᠭᠯᠠᠨ ᠮᠡᠳᠡᠭᠦᠯᠦᠨ᠎ᠡ᠃ 10:30 ᠪᠣᠯᠪᠠᠯ᠂ ᠨᠢᠭᠡᠨᠲᠡ ᠲᠠᠭᠯᠠᠨ ᠮᠡᠳᠡᠭᠦᠯᠦᠭᠰᠡᠨ ᠡᠷᠡᠮᠡᠯᠵᠡᠯ ᠢᠶᠠᠨ ᠬᠠᠰᠤᠵᠤ ᠪᠣᠯᠬᠤ | ᠦᠭᠡᠢ᠂ ᠵᠥᠪᠬᠡᠨ ᠵᠠᠰᠠᠪᠤᠷᠢ ᠣᠷᠤᠭᠤᠯᠵᠦ ᠪᠣᠯᠤᠨ᠎ᠠ᠂ 11᠄ 00 ᠴᠠᠭ ᠪᠣᠯᠪᠠᠯ ᠡᠷᠡᠮᠡᠯᠵᠡᠯ ᠢᠶᠠᠨ ᠲᠠᠭᠯᠠᠨ | ᠮᠡᠳᠡᠭᠦᠯᠦᠭᠡᠳᠦᠢ ᠪᠠᠶᠢᠪᠠᠯ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠶᠢ ᠨᠢ ᠬᠦᠯᠢᠶᠡᠨ ᠠᠪᠬᠤ ᠦᠭᠡᠢ ᠂ | ᠡᠷᠡᠮᠡᠯᠵᠡᠯ ᠢᠶᠠᠨ ᠨᠢᠭᠡᠨᠲᠡ ᠲᠠᠭᠯᠠᠨ ᠮᠡᠳᠡᠭᠦᠯᠦᠭᠰᠡᠨ ᠪᠠᠶᠢᠪᠠᠯ ᠵᠥᠪᠬᠡᠨ ᠵᠠᠰᠠᠪᠤᠷᠢ ᠣᠷᠣᠭᠤᠯᠵᠦ ᠪᠣᠯᠤᠨ᠎ᠠ᠃ | ᠨᠡᠷ᠎ᠡ ᠶᠢᠨ ᠵᠢᠭᠰᠠᠭᠠᠯᠲᠠ ᠶᠢ ᠪᠦᠬᠦ ᠶᠠᠪᠤᠴᠠ ᠳᠤ ᠬᠥᠳᠡᠯᠦᠩᠭᠦᠶ ᠪᠠᠷ ᠵᠢᠭᠰᠠᠭᠠᠨ᠎ᠠ᠃ ᠰᠢᠯᠭᠠᠭᠤᠯᠤᠭᠰᠠᠳ | ᠡᠷᠡᠮᠡᠯᠵᠡᠯ ᠢᠶᠠᠨ ᠰᠦᠯᠵᠢᠶᠡᠨ ᠳᠡᠭᠡᠷ᠎ᠡ ᠲᠤᠰᠢᠶᠠᠭᠰᠠᠨ ᠤ ᠳᠠᠷᠠᠭ᠎ᠠ᠂ ᠰᠦᠯᠵᠢᠶᠡᠨ ᠳᠡᠭᠡᠷᠡᠬᠢ ᠡᠷᠡᠮᠡᠯᠵᠡᠯ ᠤᠨ ᠲᠠᠭᠯᠠᠨ | ᠮᠡᠳᠡᠭᠦᠯᠦᠯᠲᠡ ᠳᠠᠭᠤᠰᠬᠤ ᠠᠴᠠ ᠡᠮᠦᠨ᠎ᠡ᠂ ᠥᠪᠡᠷ ᠤᠨ ᠲᠠᠭᠯᠠᠨ ᠮᠡᠳᠡᠭᠦᠯᠦᠭᠰᠡᠨ ᠪᠦᠯᠦᠭ ᠬᠤᠪᠢᠶᠠᠷᠢᠯᠠᠯ ᠂ ᠬᠢᠴᠢᠶᠡᠯ | ᠲᠦᠷᠦᠯ᠂ ᠡᠷᠡᠮᠡᠯᠵᠡᠯ ᠨᠢ ᠂ ᠥᠪᠡᠷ ᠤᠨ ᠴᠢᠨᠠᠷ ᠤᠨ ᠢᠯᠭᠠᠯ ᠲᠠᠢ ᠠᠳᠠᠯᠢᠬᠠᠨ ᠰᠢᠯᠭᠠᠭᠤᠯᠤᠭᠰᠠᠳ ᠤᠨ ᠳᠠᠩᠰᠠ | ᠡᠪᠬᠡᠮᠡᠯ ᠳᠡᠪᠰᠢᠭᠦᠯᠬᠦ ᠬᠤᠪᠢ ᠶᠢᠨ ᠵᠢᠭᠰᠠᠭᠠᠯᠲᠠ ᠵᠢᠴᠢ ᠰᠢᠯᠭᠠᠭᠤᠯᠤᠭᠴᠢ ᠶᠢᠨ ᠳᠠᠩᠰᠠ ᠡᠪᠬᠡᠮᠡᠯ ᠳᠡᠪᠰᠢᠭᠦᠯᠬᠦ | ᠬᠤᠪᠢ ᠲᠠᠢ ᠠᠳᠠᠯᠢ ᠰᠢᠯᠭᠠᠭᠤᠯᠤᠭᠰᠠᠳ ᠤᠨ ᠬᠥᠮᠦᠨ ᠤ ᠲᠤᠭ᠎ᠠ ︵ᠲᠤᠰ ᠪᠡᠶ᠎ᠡ ᠨᠢ ᠪᠠᠭᠲᠠᠨ᠎ᠠ︶ ᠶᠢ ᠴᠠᠭ | ᠲᠤᠬᠠᠶ ᠳᠤᠨᠢ ᠪᠠᠶᠢᠴᠠᠭᠠᠨ ᠦᠵᠡᠵᠦ ᠪᠣᠯᠤᠨ᠎ᠠ᠂ ᠡᠭᠦᠨ ᠤ ᠬᠠᠮᠲᠤ ᠪᠠᠰᠠ ᠲᠠᠭᠯᠠᠨ ᠮᠡᠳᠡᠭᠦᠯᠦᠭᠰᠡᠨ ᠪᠦᠯᠦᠭ | ᠬᠤᠪᠢᠶᠠᠷᠢᠯᠠᠯ᠂ ᠬᠢᠴᠢᠶᠡᠯ ᠲᠦᠷᠤᠯ᠂ ᠡᠷᠡᠮᠡᠯᠵᠡᠯ ᠨᠢ᠂ ᠥᠪᠡᠷ ᠤᠨ ᠴᠢᠨᠠᠷ ᠤᠨ ᠢᠯᠭᠠᠯ ᠲᠠᠢ ᠠᠳᠠᠯᠢᠬᠠᠨ ᠰᠤᠷᠤᠭᠴᠢ | ᠡᠯᠰᠡᠬᠦ ᠲᠥᠯᠥᠪᠯᠡᠭᠡ ᠶᠢᠨ ᠲᠤᠭ᠎ᠠ ᠪᠠ ᠡᠯᠰᠡᠭᠳᠡᠭᠰᠡᠨ ᠲᠡᠩᠰᠠ ᠡᠪᠬᠡᠮᠡᠯ ᠳᠡᠪᠰᠢᠭᠦᠯᠬᠦ ᠬᠠᠷᠢᠴᠠᠯ ᠢ ᠯᠠᠪᠯᠠᠨ ᠦᠵᠡᠵᠦ | ᠪᠣᠯᠤᠨ᠎ᠠ᠃ | ᠡᠷᠡᠮᠡᠯᠵᠡᠯ ᠢᠶᠠᠨ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠪᠣᠳᠠᠲᠠᠢ ᠴᠠᠭ ᠤᠳ ᠢ ᠰᠢᠯᠭᠠᠭᠤᠯᠤᠭᠰᠠᠳ | ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶ᠎ᠡ ᠠᠴᠠ ᠯᠠᠪᠯᠠᠭᠠᠷᠠᠢ᠃ | ᠡᠷᠡᠮᠡᠯᠵᠡᠯ ᠢᠶᠠᠨ ᠰᠦᠯᠵᠢᠶᠡᠨ ᠳᠡᠭᠡᠷ᠎ᠡ ᠲᠠᠭᠯᠠᠬᠤ ᠵᠢᠷᠤᠮ | ᠡᠷᠡᠮᠡᠯᠵᠡᠯ ᠤᠨ ᠲᠥᠯᠥᠪᠯᠡᠭᠡ᠂ ᠲᠦᠷᠦᠯ ᠪᠦᠷᠢ ᠶᠢᠨ ᠡᠷᠡᠮᠡᠯᠵᠡᠯ ᠳᠤ ᠠᠭᠤᠯᠤᠭᠳᠠᠬᠤ ᠪᠣᠳᠠᠲᠠᠶ ᠶᠡᠭᠡ ᠳᠡᠭᠡᠳᠦ | ᠰᠤᠷᠭᠠᠭᠤᠯᠢ ᠶᠢᠨ ᠨᠡᠷᠡᠰ᠂ ᠰᠤᠷᠭᠠᠭᠤᠯᠢ ᠶᠢᠨ ᠰᠣᠷᠣᠭᠴᠢ ᠡᠯᠰᠡᠬᠦ ᠲᠥᠷᠢᠮ ᠵᠢᠴᠢ ᠬᠤᠯᠪᠣᠭᠳᠠᠯ ᠪᠦᠬᠦᠢ | ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠡᠷᠢᠵᠦ ᠦᠵᠡᠨ᠎ᠡ᠃ ᠰᠤᠷᠭᠠᠭᠤᠯᠢ ᠶᠢᠨ ᠰᠤᠷᠤᠭᠴᠢ ᠡᠯᠰᠡᠬᠦ | ᠳᠦᠷᠢᠮ ᠲᠣᠭᠲᠠᠭᠠᠯ ᠢ ᠰᠤᠷᠭᠠᠨ ᠬᠥᠮᠦᠵᠢᠯ ᠤᠨ ᠶᠠᠮᠤᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ | ᠨᠡᠷᠡᠨ ᠭᠡᠷᠡᠯ ᠢᠨᠵᠧᠨᠧᠷᠢᠩ ᠤᠨ ᠲᠣᠭᠲᠠᠭᠰᠠᠨ ᠲᠠᠪᠴᠠᠩ ᠠᠴᠠ ᠡᠷᠢᠨ᠎ᠡ᠃ | ᠰᠢᠯᠭᠠᠭᠤᠯᠤᠭᠰᠠᠳ ᠤᠨ ᠦᠢᠯᠡᠴᠢᠯᠡᠭᠡᠨ ᠤ ᠲᠠᠪᠴᠠᠩ ᠵᠢᠴᠢ ᠡᠷᠡᠮᠡᠯᠵᠡᠯ ᠢᠶᠠᠨ ᠲᠠᠭᠯᠠᠬᠤ ᠰᠦᠯᠵᠢᠶᠡᠨ | ᠳᠡᠭᠡᠷ᠎ᠡ ᠭᠠᠷᠴᠤ ᠡᠷᠡᠮᠡᠯᠵᠡᠯ ᠢᠶᠠᠨ ᠲᠠᠭᠯᠠᠬᠤ ᠪᠥᠭᠡᠳ ᠬᠥᠳᠡᠯᠦᠩᠭᠦᠶ ᠨᠡᠷᠡᠰ ᠤᠨ ᠵᠢᠭᠰᠠᠭᠠᠯᠲᠠ ᠪᠠᠨ ᠪᠠᠶᠢᠴᠠᠭᠠᠨ | ᠦᠵᠡᠨ᠎ᠡ︔ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ ︽ | 2016 ᠣᠨ ᠤ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠳ ᠤᠨ ᠡᠷᠡᠮᠡᠯᠵᠡᠯ ᠤᠨ ᠲᠤᠰᠬᠠᠶ ᠪᠤᠯᠤᠩ︾ | ᠳᠡᠭᠡᠷ᠎ᠡ ᠨᠡᠶᠢᠲᠡᠯᠡᠭᠰᠡᠨ ᠬᠠᠮᠤᠭ ᠤᠨ ᠰᠢᠨ᠎ᠡ ᠮᠡᠳᠡᠭᠡ ᠵᠠᠩᠭᠢ ᠶᠢ ᠪᠠᠶᠢᠴᠠᠭᠠᠨ ᠦᠵᠡᠵᠦ ᠪᠣᠯᠣᠨ᠎ᠠ᠃ | ᠰᠢᠯᠭᠠᠭᠤᠯᠤᠭᠰᠠᠳ ᠡᠷᠬᠡᠪᠰᠢ ᠬᠥᠳᠡᠯᠦᠩᠭᠦᠶ ᠨᠡᠷᠡᠰ ᠤᠨ ᠵᠢᠭᠰᠠᠭᠠᠯᠲᠠ ᠶᠢ ᠦᠷᠭᠦᠯᠵᠢ ᠪᠠᠶᠢᠴᠠᠭᠠᠨ ᠦᠵᠡᠵᠦ᠂ | ᠲᠤᠰ ᠬᠥᠮᠦᠨ ᠤ ᠪᠠᠶᠢᠳᠠᠯ ᠲᠠᠢ ᠪᠠᠨ ᠤᠶᠠᠯᠳᠤᠭᠤᠯᠵᠤ᠂ ᠡᠷᠡᠮᠡᠯᠵᠡᠯ ᠤᠨ ᠪᠣᠳᠠᠲᠠᠶ ᠱᠠᠭᠠᠷᠳᠠᠯᠭ᠎ᠠ ᠪᠠᠷ ᠵᠠᠰᠠᠪᠤᠷᠢ | ᠣᠷᠣᠭᠤᠯᠬᠤ ᠡᠰᠡᠬᠦ ᠪᠠᠨ ᠲᠣᠭᠲᠠᠭᠠᠨ᠎ᠠ᠃ | ᠡᠷᠡᠮᠡᠯᠵᠡᠯ ᠢᠶᠠᠨ ᠲᠠᠭᠯᠠᠵᠤ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠳᠡᠪᠰᠢᠭᠦᠯᠬᠦ ᠬᠠᠷᠢᠴᠠᠯ ᠶᠣᠰᠣᠭᠠᠷ ᠳᠠᠩᠰᠠ | ᠡᠪᠬᠡᠮᠡᠯ ᠢ ᠨᠢ ᠳᠡᠪᠰᠢᠭᠦᠯᠵᠦ᠂ ᠴᠡᠷᠢᠭ ᠤᠨ ᠲᠣᠭᠤᠷᠢᠭ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠡᠷ᠎ᠡ ᠮᠡᠳᠡᠭᠦᠯᠦᠭᠰᠠᠳ ᠤᠨ ᠡᠯᠧᠺᠲᠷᠣᠨ ᠲᠠᠩᠰᠠ ᠡᠪᠬᠡᠮᠡᠯ ᠢ ᠬᠢᠨᠠᠬᠤ | ᠪᠥᠭᠡᠳ ᠤᠯᠤᠰ ᠲᠦᠷᠤ ᠶᠢᠨ ᠬᠢᠨᠠᠨ ᠬᠠᠷᠭᠤᠭᠤᠯᠤᠯᠲᠠ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ᠂ | ᠪᠡᠶ᠎ᠡ ᠶᠢᠨ ᠲᠠᠮᠢᠷ ᠤᠨ ᠰᠢᠯᠭᠠᠯᠲᠠ ᠵᠡᠷᠭᠡ ᠳᠤ ᠣᠷᠣᠯᠴᠠᠬᠤ ᠰᠢᠯᠭᠠᠭᠤᠯᠤᠭᠰᠠᠳ ᠢ ᠲᠣᠭᠲᠠᠭᠠᠨ᠎ᠠ᠃ ᠬᠡᠷᠪᠡ | ᠲᠣᠭᠲᠠᠭᠠᠭᠰᠠᠨ ᠰᠤᠷᠤᠭᠴᠢᠳ ᠤᠨ ᠲᠤᠭ᠎ᠠ ᠲᠣᠭᠲᠠᠭᠠᠭᠰᠠᠨ ᠲᠤᠭ᠎ᠠ ᠳᠤ ᠬᠦᠷᠦᠭᠰᠡᠨ ᠦᠭᠡᠶ ᠪᠠᠶᠢᠪᠠᠯ ᠲᠠᠬᠢᠨ ᠳᠡᠰ | ᠳᠠᠷᠠᠭᠠᠯᠠᠨ ᠲᠡᠩᠰᠠ ᠡᠪᠬᠡᠮᠡᠯ ᠢ ᠨᠢ ᠳᠡᠪᠰᠢᠭᠦᠯᠦᠨ᠎ᠡ᠃ ᠬᠡᠷᠪᠡ ᠳᠡᠰ ᠳᠠᠷᠠᠭᠠᠯᠠᠨ ᠲᠡᠩᠰᠠ ᠡᠪᠬᠡᠮᠡᠯ ᠢ ᠨᠢ | ᠭᠠᠷᠭᠠᠭᠰᠠᠨ ᠬᠥᠮᠦᠨ ᠤ ᠲᠤᠭ᠎ᠠ ᠨᠢ ᠬᠦᠷᠬᠦ ᠦᠭᠡᠢ ᠪᠣᠯ ᠡᠷᠡᠮᠡᠯᠵᠡᠯ ᠢᠶᠠᠨ ᠰᠦᠯᠵᠢᠶᠡᠨ ᠳᠡᠭᠡᠷ᠎ᠡ ᠬᠤᠶᠠᠳᠠᠬᠢ | ᠤᠳᠠᠭ᠎ᠠ ᠲᠠᠭᠯᠠᠭᠤᠯᠤᠨ᠎ᠠ᠂ ᠴᠠᠭ ᠢ ᠨᠢ 6 ᠳ᠋ᠤᠭᠠᠷ ᠰᠠᠷ᠎ᠠ ᠶᠢᠨ 27 ᠤ ᠡᠳᠦᠷ ᠢᠶᠠᠷ ᠵᠢᠱᠢᠵᠦ ᠪᠠᠶᠢᠨ᠎ᠠ᠂ | ᠲᠤᠬᠠᠶ ᠶᠢᠨ ᠦᠶ᠎ᠡ ᠶᠢᠨ ᠠᠯᠪᠠᠨ ᠵᠠᠷ ᠠᠴᠠ ᠨᠠᠷᠢᠪᠴᠢᠯᠠᠨ ᠦᠵᠡᠭᠡᠷᠡᠶ᠃ ᠰᠢᠯᠭᠠᠭᠤᠯᠤᠭᠰᠠᠳ ᠤᠨ ᠡᠯᠧᠺᠲᠷᠣᠨ | ᠲᠠᠩᠰᠠ ᠡᠪᠬᠡᠮᠡᠯ ᠤᠨ ᠪᠠᠶᠢᠳᠠᠯ ᠢ ᠰᠦᠯᠵᠢᠶᠡᠨ ᠳᠡᠭᠡᠷ᠎ᠡ ᠨᠡᠶᠢᠲᠡᠯᠡᠨ᠎ᠡ᠂ ᠰᠢᠯᠭᠠᠭᠤᠯᠤᠭᠰᠠᠳ ᠤᠨ ᠡᠯᠰᠡᠭᠳᠡᠭᠰᠡᠨ | ᠦᠭᠡᠢ ᠰᠢᠯᠲᠠᠭᠠᠨ ᠢ ᠴᠦ ᠨᠡᠶᠢᠲᠡᠯᠡᠨ᠎ᠡ᠃ | ᠡᠷᠡᠮᠡᠯᠵᠡᠯ ᠢᠶᠠᠨ ᠰᠦᠯᠵᠢᠶᠡᠨ ᠳᠡᠭᠡᠷ᠎ᠡ ᠲᠠᠭᠯᠠᠬᠤ ᠳᠤ ᠠᠩᠬᠠᠷᠬᠤ ᠵᠦᠢᠯ | ᠬᠦᠰᠦᠨᠦᠭᠲᠦ ᠲᠠᠭᠯᠠᠨ ᠮᠡᠳᠡᠭᠦᠯᠬᠦ ᠳᠡᠭᠡᠨ᠂ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ | ᠮᠡᠳᠡᠭᠡ ᠵᠠᠩᠭᠢ ᠶᠢᠨ ᠰᠦᠯᠵᠢᠶᠡᠨ ᠤ ︽2016 ᠣᠨ ᠤ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠳ ᠤᠨ | ᠡᠷᠡᠮᠡᠯᠵᠡᠯ ᠤᠨ ᠲᠤᠰᠬᠠᠶ ᠪᠤᠯᠤᠩ︾ ᠤᠨ ᠰᠢᠨ᠎ᠡ ᠮᠡᠳᠡᠭᠡ ᠵᠠᠩᠭᠢ ᠨᠤᠭᠤᠳ ᠢ ᠦᠷᠭᠦᠯᠵᠢ ᠪᠠᠶᠢᠴᠠᠭᠠᠨ ᠦᠵᠡᠬᠦ | ᠬᠡᠷᠡᠭᠲᠡᠢ᠂ ᠲᠤᠰ ᠪᠤᠯᠤᠩ ᠳᠤ ᠨᠡᠶᠢᠲᠡᠯᠡᠭᠰᠡᠨ ᠮᠡᠳᠡᠭᠡ ᠵᠠᠩᠭᠢ ᠪᠦᠬᠦᠨ ᠢ ᠰᠢᠯᠭᠠᠭᠤᠯᠤᠭᠰᠠᠳ ᠲᠤ ᠨᠢᠭᠡᠨᠲᠡ | ᠮᠡᠳᠡᠭᠳᠡᠭᠰᠡᠨ ᠢᠶᠠᠷ ᠦᠵᠡᠨ᠎ᠡ᠃ ᠲᠤᠰ ᠪᠤᠯᠤᠩ ᠨᠢ ᠬᠡᠷᠡᠭᠴᠡᠭᠡ ᠪᠠᠨ ᠦᠨᠳᠦᠰᠦᠯᠡᠵᠦ᠂ ᠬᠠᠮᠤᠭ ᠤᠨ ᠰᠢᠨ᠎ᠡ | ᠮᠡᠳᠡᠭᠡ ᠨᠦᠭᠦᠳ ᠢ ᠪᠠᠶᠢᠩᠭᠤ ᠨᠡᠶᠢᠲᠡᠯᠡᠬᠦ ᠪᠣᠯᠬᠤᠷ ᠰᠦᠯᠵᠢᠶᠡᠨ ᠤ ᠨᠢᠭᠤᠷ ᠰᠢᠨᠡᠳᠬᠡᠭᠳᠡᠵᠦ ᠰᠠᠶ᠋ᠢᠬᠠᠨ ᠨᠡᠶᠢᠲᠡᠯᠡᠭᠰᠡᠨ | ᠮᠡᠳᠡᠭᠡ ᠵᠠᠩᠭᠢ ᠨᠤᠭᠤᠳ ᠢ ᠪᠠᠶᠢᠴᠠᠭᠠᠨ ᠦᠵᠡᠬᠦ ᠪᠠᠨ ᠠᠩᠬᠠᠷᠤᠭᠠᠷᠠᠢ᠃ | ᠨᠡᠶᠢᠲᠡᠯᠡᠭᠰᠡᠨ ᠲᠤᠬᠠᠶ ᠶᠢᠨ ᠨᠡᠷ᠎ᠡ ᠶᠢᠨ ᠵᠢᠭᠰᠠᠭᠠᠯᠲᠠ ᠪᠣᠯ ᠵᠥᠪᠬᠡᠨ ᠯᠠᠪᠯᠠᠯᠲᠠ ᠶᠢᠨ ᠲᠡᠳᠦᠢ ᠶᠤᠮ᠂ | ᠠᠳᠠᠯᠢ ᠨᠢᠭᠡ ᠡᠷᠡᠮᠡᠯᠵᠡᠯ ᠲᠠᠢ ᠬᠢᠴᠢᠶᠡᠯ ᠲᠥᠷᠥᠯ ᠳᠤ ᠲᠡᠩᠰᠠ ᠡᠪᠬᠡᠮᠡᠯ ᠢᠶᠠᠨ ᠳᠡᠪᠰᠢᠭᠦᠯᠦᠭᠰᠡᠨ ᠨᠡᠯᠢᠶᠡᠳ | ᠥᠨᠳᠥᠷ ᠬᠤᠪᠢ ᠣᠯᠣᠭᠰᠠᠨ ᠰᠢᠯᠭᠠᠭᠤᠯᠤᠭᠰᠠᠳ ᠤᠨ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠡᠰᠡᠬᠦ ᠨᠢ | ᠵᠠᠯᠭᠠᠵᠤ ᠨᠡᠷ᠎ᠡ ᠮᠡᠳᠡᠭᠦᠯᠦᠭᠰᠠᠳ ᠤᠨ ᠬᠠᠮᠤᠭ ᠡᠴᠦᠰ ᠤᠨ ᠨᠡᠷᠡᠰ ᠤᠨ ᠵᠢᠭᠰᠠᠭᠠᠯᠲᠠ ᠶᠢ ᠰᠢᠭᠤᠳ ᠨᠥᠯᠥᠭᠡᠯᠡᠬᠦ | ᠪᠣᠯᠣᠨ᠎ᠠ᠃ | ᠰᠢᠯᠭᠠᠭᠤᠯᠤᠭᠴᠢ ᠡᠩ ᠤᠨ ᠠᠩᠭᠢ ᠶᠢᠨ ᠤᠷᠢᠳᠴᠢᠯᠠᠨ ᠡᠯᠰᠡᠬᠦ A ᠪᠦᠯᠦᠭ ︵ᠵᠢᠩᠬᠢᠨᠢ ᠠᠩᠭᠢ ᠶᠢᠨ | ᠨᠢᠭᠡᠳᠦᠭᠡᠷ ᠪᠦᠯᠦᠭ︶᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ︵ᠵᠢᠩᠬᠢᠨᠢ ᠠᠩᠭᠢ ᠶᠢᠨ | ᠬᠤᠶᠠᠳᠤᠭᠠᠷ ᠪᠦᠯᠦᠭ︶᠂ ᠡᠩ ᠤᠨ ᠠᠩᠭᠢ ᠶᠢᠨ ᠤᠷᠢᠳᠴᠢᠯᠠᠨ ᠡᠯᠰᠡᠬᠦ B ᠪᠦᠯᠦᠭ ︵ᠵᠢᠩᠬᠢᠨᠢ ᠠᠩᠭᠢ ᠶᠢᠨ | ᠨᠢᠭᠡᠳᠦᠭᠡᠷ ᠪᠦᠯᠦᠭ︶᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ B ᠪᠦᠯᠦᠭ ︵ᠵᠢᠩᠬᠢᠨᠢ ᠠᠩᠭᠢ ᠶᠢᠨ | ᠬᠤᠶᠠᠳᠤᠭᠠᠷ ᠪᠦᠯᠦᠭ︶ ᠪᠠ ᠲᠤᠰᠬᠠᠶ ᠮᠡᠷᠭᠡᠵᠢᠯ ᠤᠨ ᠠᠩᠭᠢ ᠶᠢᠨ ᠤᠷᠢᠳᠴᠢᠯᠠᠨ ᠡᠯᠰᠡᠬᠦ B ᠪᠦᠯᠦᠭ ᠤᠨ | ᠰᠢᠯᠭᠠᠭᠤᠯᠤᠭᠰᠠᠳ ᠵᠥᠪᠬᠡᠨ ᠨᠢᠭᠡᠯᠬᠡᠨ ᠤᠳᠠᠭᠠᠨ ᠤ ᠰᠣᠩᠭᠤᠯᠲᠠ ᠬᠢᠬᠦ ᠪᠣᠯᠬᠤᠷ᠂ ᠥᠪᠡᠷ ᠤᠨ ᠬᠦᠰᠡᠯ᠂ | ᠪᠡᠶ᠎ᠡ ᠶᠢᠨ ᠨᠥᠬᠦᠴᠡᠯ ᠪᠣᠯᠤᠨ ᠰᠢᠯᠭᠠᠭᠰᠠᠨ ᠬᠢᠷᠢ ᠪᠦᠲᠦᠮᠵᠢ ᠵᠡᠷᠭᠡ ᠪᠠᠨ ᠦᠨᠳᠦᠰᠦᠯᠡᠨ ᠨᠢᠭᠡ ᠯᠠ ᠡᠷᠡᠮᠡᠯᠵᠡᠯ | ᠲᠠᠭᠯᠠᠨ ᠮᠡᠳᠡᠭᠦᠯᠪᠡᠯ ᠵᠣᠬᠢᠨ᠎ᠠ᠃ | |