ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ 6 ᠰᠠᠷ᠎ᠠ ᠶᠢᠨ 28 ᠤ ᠡᠳᠦᠷ ᠤᠨ ᠨᠡᠶᠢᠲᠡᠯᠡᠭᠰᠡᠨ ᠢᠶᠠᠷ᠂ ᠡᠨᠡ | ᠵᠢᠯ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠮᠤᠵᠢ ᠨᠤᠭᠤᠳ ᠲᠤ ᠬᠤᠪᠢᠶᠠᠭᠰᠠᠨ ᠰᠤᠷᠤᠭᠴᠢ ᠡᠯᠰᠡᠬᠦ | ᠲᠥᠯᠥᠪᠯᠡᠭᠡ ᠶᠢ ᠪᠠᠭᠤᠯᠭᠠᠭᠰᠠᠨ ᠴᠠᠭ ᠨᠢ ᠣᠷᠣᠶᠢᠲᠠᠭᠰᠠᠨ ᠠᠴᠠ᠂ ᠰᠤᠷᠤᠭᠴᠢ ᠡᠯᠰᠡᠬᠦ ᠲᠥᠯᠥᠪᠯᠡᠭᠡ ᠪᠠ | ᠰᠤᠷᠤᠭᠴᠢ ᠡᠯᠰᠡᠬᠦ ᠳᠦᠷᠢᠮ ᠢ ᠬᠡᠪᠯᠡᠬᠦ ᠴᠠᠭ ᠨᠢ ᠥᠩᠭᠡᠷᠡᠭᠰᠡᠨ ᠵᠢᠯ ᠠᠴᠠ ᠬᠤᠶᠢᠰᠢᠯᠠᠵᠤ᠂ ᠵᠠᠬᠢᠶᠠᠯᠠᠭᠰᠠᠨ ︽ | 2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ | ᠰᠤᠷᠭᠠᠭᠤᠯᠢ ᠶᠢᠨ ᠰᠤᠷᠤᠭᠴᠢ ᠡᠯᠰᠡᠬᠦ ᠲᠥᠯᠥᠪᠯᠡᠭᠡ︾ ᠪᠠ ︽2016 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠲᠦᠷᠢᠮ︾ ᠢ | ᠵᠢᠱᠢᠯᠲᠡ ᠪᠠᠷ 6 ᠰᠠᠷ᠎ᠠ ᠶᠢᠨ 30 ᠤ ᠡᠳᠦᠷ ᠤᠨ ᠡᠮᠦᠨ᠎ᠡ ᠬᠤᠶᠢᠨ᠎ᠠ ᠰᠠᠶ᠋ᠢ ᠣᠯᠬᠤ ᠪᠣᠯᠣᠨ᠎ᠠ᠃ | ᠰᠢᠯᠭᠠᠭᠤᠯᠤᠭᠰᠠᠳ ᠤᠨ ᠡᠷᠡᠮᠡᠯᠵᠡᠯ ᠢᠶᠠᠨ ᠴᠠᠭ ᠲᠤᠬᠠᠶ ᠳᠤᠨᠢ ᠲᠠᠭᠯᠠᠨ ᠮᠡᠳᠡᠭᠦᠯᠬᠦ ᠶᠢ ᠦᠨᠡᠨ ᠬᠦ ᠪᠠᠲᠤᠯᠠᠬᠤ ᠶᠢᠨ | ᠲᠤᠰᠠᠳᠠ᠂ ᠲᠤᠰ ᠲᠥᠪ ᠨᠢ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶ᠎ᠡ ᠳᠤ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠥᠯᠥᠭ ᠤᠨ ᠰᠤᠷᠤᠭᠴᠢ ᠡᠯᠰᠡᠬᠦ ᠳᠡᠭᠡᠳᠦ | ᠰᠤᠷᠭᠠᠭᠤᠯᠢ ᠶᠢᠨ ᠤᠷᠠᠯᠢᠭ ᠤᠨ ᠲᠥᠷᠥᠯ ᠪᠡᠶ᠎ᠡ ᠶᠢᠨ ᠲᠠᠮᠢᠷ ᠤᠨ ᠲᠥᠷᠥᠯ ᠤᠨ ᠰᠤᠷᠭᠠᠭᠤᠯᠢ᠂ ᠲᠤᠰᠬᠠᠶ | ᠮᠡᠷᠭᠡᠵᠢᠯ ᠤᠨ ᠰᠤᠷᠤᠭᠴᠢ ᠡᠯᠰᠡᠬᠦ ᠲᠥᠯᠥᠪᠯᠡᠭᠡ ᠪᠠ ᠰᠤᠷᠤᠭᠴᠢ ᠡᠯᠰᠡᠬᠦ ᠳᠦᠷᠢᠮ ᠢ ᠨᠡᠶᠢᠲᠡᠯᠡᠪᠡ᠃ | ᠰᠢᠯᠭᠠᠭᠤᠯᠤᠭᠰᠠᠳ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ | ︽2016 ᠣᠨ ᠤ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠳ ᠡᠷᠡᠮᠡᠯᠵᠡᠯ ᠢᠶᠠᠨ ᠲᠠᠭᠯᠠᠨ ᠮᠡᠳᠡᠭᠦᠯᠬᠦ | ᠲᠤᠰᠬᠠᠶ ᠪᠤᠯᠤᠩ︾ ᠳᠤ ᠭᠠᠷᠴᠤ᠂ ︽ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠤᠨ ᠤᠷᠠᠯᠢᠭ | ᠪᠡᠶ᠎ᠡ ᠶᠢᠨ ᠲᠠᠮᠢᠷ ᠤᠨ ᠲᠥᠷᠥᠯ ᠤᠨ ᠰᠤᠷᠤᠭᠴᠢ ᠡᠯᠰᠡᠬᠦ ᠲᠥᠯᠥᠪᠯᠡᠭᠡ︾ ᠶᠢ ᠲᠣᠪᠴᠢᠳᠠᠵᠤ᠂ ᠵᠣᠬᠢᠴᠠᠯᠳᠤᠭᠰᠠᠨ | ᠬᠢᠴᠢᠶᠡᠯ ᠲᠦᠷᠦᠯ ᠢᠶᠠᠨ ᠰᠣᠩᠭᠤᠵᠤ᠂ ᠶᠡᠭᠡ ᠳᠡᠭᠡᠳᠦ ᠰᠤᠷᠭᠠᠭᠤᠯᠢ ᠶᠢᠨ ᠨᠡᠷᠡᠶᠢᠳᠦᠯ ᠢ ᠲᠣᠪᠴᠢᠳᠠᠪᠠᠯ ᠰᠤᠷᠤᠭᠴᠢ | ᠡᠯᠰᠡᠬᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠲᠥᠯᠥᠪᠯᠡᠭᠡ ᠶᠢ ᠯᠠᠪᠯᠠᠨ ᠦᠵᠡᠵᠦ ᠪᠤᠯᠤᠨ᠎ᠠ | ︔ ︽ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠦᠷᠢᠮ ᠢ ᠲᠣᠪᠴᠢᠳᠠᠨ ᠪᠠᠶᠢᠴᠠᠭᠠᠨ ᠯᠠᠪᠯᠠᠬᠤ︾ ᠶᠢ | ᠰᠣᠩᠭᠤᠪᠠᠯ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠦᠷᠢᠮ ᠢ ᠪᠠᠶᠢᠴᠠᠭᠠᠨ ᠦᠵᠡᠵᠦ ᠪᠣᠯᠣᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠲᠥᠪ ᠠᠴᠠ ᠲᠤᠭ᠎ᠠ ᠪᠠᠷᠢᠮᠲᠠ ᠶᠢ ᠡᠮᠬᠢᠯᠡᠭᠰᠡᠨ ᠤ ᠳᠠᠷᠠᠭ᠎ᠠ᠂ ᠥᠪᠥᠷ ᠮᠣᠩᠭᠤᠯ ᠤᠨ ᠰᠤᠷᠤᠭᠴᠢ | ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠤᠶᠤ ︽ᠥᠪᠥᠷ ᠮᠣᠩᠭᠤᠯ ᠤᠨ ᠰᠤᠷᠤᠭᠴᠢ ᠡᠯᠰᠡᠬᠦ | ᠰᠢᠯᠭᠠᠯᠲᠠ︾ ᠶᠢᠨ ᠸᠢᠴᠠᠲ ᠤᠨ ᠲᠠᠪᠴᠠᠩ ᠢᠶᠠᠷ ᠳᠠᠮᠵᠢᠭᠤᠯᠤᠨ ᠪᠤᠰᠤᠳ ᠬᠢᠴᠢᠶᠡᠯ ᠲᠥᠷᠥᠯ ᠤᠨ ᠵᠢᠩᠬᠢᠨᠢ᠂ | ᠲᠤᠰᠬᠠᠶ ᠮᠡᠷᠭᠡᠵᠢᠯ ᠤᠨ ᠠᠩᠭᠢ ᠶᠢᠨ ᠤᠷᠢᠳᠴᠢᠯᠠᠨ ᠡᠯᠰᠡᠬᠦ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ | ᠲᠥᠯᠥᠪᠯᠡᠭᠡ ᠶᠢ ᠵᠠᠯᠭᠠᠪᠠᠷ ᠨᠡᠶᠢᠲᠡᠯᠡᠬᠦ ᠪᠣᠯᠣᠨ᠎ᠠ᠂ ᠥᠷᠭᠡᠨ ᠣᠯᠠᠨ ᠰᠢᠯᠭᠠᠭᠤᠯᠤᠭᠰᠠᠳ ᠠᠩᠬᠠᠷᠤᠨ ᠯᠠᠪᠯᠠᠭᠠᠷᠠᠢ᠃ |