ᠪᠦᠬᠦ ᠣᠷᠣᠨ ᠤ ᠨᠡᠶᠢᠭᠡᠮ ᠲᠣᠭᠤᠷᠢᠭ ᠤᠨ ᠵᠠᠰᠠᠮᠵᠢᠯᠠᠯᠲᠠ ᠶᠢᠨ ᠠᠮᠤᠷ ᠲᠥᠪᠰᠢᠨ ᠲᠣᠭᠲᠠᠭᠤᠨ ᠪᠠᠶᠢᠯᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/6/6
     6 ᠳ᠋ᠤᠭᠠᠷ ᠰᠠᠷ᠎ᠠ ᠶᠢᠨ 2᠎ ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠪᠥᠬᠦ ᠣᠷᠣᠨ ᠤ ᠨᠡᠶᠢᠭᠡᠮ ᠲᠣᠭᠤᠷᠢᠭ ᠤᠨ ᠵᠠᠰᠠᠮᠵᠢᠯᠠᠯᠲᠠ ᠶᠢᠨ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠲᠠ᠂ ᠲᠣᠭᠤᠷᠢᠭ︶ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ᠂ ᠬᠤᠪᠢᠳᠠᠨ ᠬᠠᠮᠢᠶᠠᠷᠬᠤ ᠳᠡᠳ᠋ ᠳᠠᠷᠤᠭ᠎ᠠ᠂ ᠨᠡᠶᠢᠭᠡᠮ ᠲᠣᠭᠤᠷᠢᠭ ᠤᠨ ᠵᠠᠰᠠᠮᠵᠢᠯᠠᠯᠲᠠ ᠶᠢᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠶᠡᠭᠡ ᠠᠩᠭᠢ ᠶᠢᠨ ᠪᠦᠬᠦ ᠠᠵᠢᠯᠲᠠᠳ᠂ ᠡᠯ᠎ᠡ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠨᠠᠷ ᠨᠡᠶᠢᠲᠡ 1600 ᠰᠢᠬᠠᠮ ᠬᠥᠮᠦᠨ ᠬᠤᠷᠠᠯ ᠳᠤ ᠣᠷᠤᠯᠴᠠᠪᠠ᠃      ᠬᠤᠷᠠᠯ ᠳᠡᠭᠡᠷ᠎ᠡ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠪᠣᠣᠱᠠᠨ ᠠᠴᠠ ᠪᠦᠬᠦ ᠤᠯᠤᠰ ᠤᠨ ᠭᠢᠨᠳᠠᠨ ᠤ ᠬᠤᠣᠷ ᠡᠳ᠋ᠯᠡᠬᠦ ᠶᠢ ᠵᠣᠭᠰᠣᠭᠠᠬᠤ ᠭᠠᠵᠠᠷ ᠲᠠᠯᠠᠪᠤᠷ ᠤᠨ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠪᠠ ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠰᠠᠭᠤᠷᠢ ᠪᠥᠳᠥᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠨᠡᠶᠢᠭᠡᠮ ᠲᠣᠭᠤᠷᠢᠭ ᠤᠨ ᠵᠠᠰᠠᠮᠵᠢᠯᠠᠯᠲᠠ ᠶᠢᠨ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠰᠠᠶᠢᠲᠤᠷ ᠦᠷᠨᠢᠭᠦᠯᠬᠦ ᠲᠠᠯ᠎ᠠ ᠪᠠᠷ ᠭᠤᠷᠪᠠᠨ ᠰᠠᠨᠠᠯ ᠳᠤᠷᠠᠳᠪᠠ᠃      ᠨᠢᠭᠡ ᠳᠤ ᠨᠡᠶᠢᠭᠡᠮ ᠲᠣᠭᠤᠷᠢᠭ ᠤᠨ ᠵᠠᠰᠠᠮᠵᠢᠯᠠᠯᠲᠠ ᠶᠢᠨ ᠠᠮᠤᠷ ᠲᠥᠪᠰᠢᠨ ᠲᠣᠭᠳᠠᠭᠤᠨ ᠪᠠᠶᠢᠯᠭᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠨᠤᠭᠤᠳ ᠨᠡᠶᠢᠭᠡᠮ ᠲᠣᠭᠤᠷᠢᠭ ᠤᠨ ᠵᠠᠰᠠᠮᠵᠢᠯᠠᠯᠲᠠ ᠶᠢᠨ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠤᠨ ᠪᠠᠶᠢᠳᠠᠯ ᠢ ᠣᠨᠣᠪᠴᠢᠲᠠᠶ ᠡᠵᠡᠮᠰᠢᠵᠦ᠂ ᠰᠢᠨ᠎ᠡ ᠪᠠᠶᠢᠳᠠᠯ ᠳᠣᠣᠷ᠎ᠠ ᠨᠡᠶᠢᠭᠡᠮ ᠲᠣᠭᠤᠷᠢᠭ ᠤᠨ ᠵᠠᠰᠠᠮᠵᠢᠯᠠᠯᠲᠠ ᠶᠢᠨ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠢ ᠤᠯᠠᠮ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭᠠᠲᠤ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠨ᠂ ᠠᠮᠤᠷ ᠲᠦᠪᠰᠢᠨ ᠤ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠠᠬᠢ ᠪᠤᠢ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠤᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠨᠡᠶᠢᠭᠡᠮ ᠲᠣᠭᠤᠷᠢᠭ ᠤᠨ ᠵᠠᠰᠠᠮᠵᠢᠯᠠᠯᠲᠠ ᠶᠢᠨ ᠠᠵᠢᠯ ᠤᠨ ᠠᠮᠤᠷ ᠲᠦᠪᠰᠢᠨ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠶᠠᠷ ᠲᠤ ᠨᠡᠶᠢᠭᠡᠮ ᠲᠣᠭᠤᠷᠢᠭ ᠤᠨ ᠵᠠᠰᠠᠮᠵᠢᠯᠠᠯᠲᠠ ᠶᠢᠨ ᠠᠵᠢᠯ ᠤᠨ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠦᠷᠨᠢᠭᠦᠯᠬᠦ ᠬᠡᠷᠡᠭᠲᠡᠢ᠃ ᠬᠠᠤᠯᠢ ᠴᠠᠭᠠᠵᠠ ᠶᠢᠨ ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠬᠠᠤᠯᠢ ᠴᠠᠭᠠᠵᠠ ᠶᠢᠨ ᠲᠢᠩᠬᠢᠮ ᠠᠴᠠ 6 ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ ᠪᠣᠯᠲᠠᠯ᠎ᠠ 3 ᠰᠠᠷ᠎ᠠ ᠶᠢᠨ ᠬᠤᠭᠤᠴᠠᠭᠠᠨ ᠳᠤ ᠨᠡᠶᠢᠭᠡᠮ ᠲᠣᠭᠤᠷᠢᠭ ᠤᠨ ᠵᠠᠰᠠᠮᠵᠢᠯᠠᠯᠲᠠ ᠶᠢᠨ ᠠᠵᠢᠯ ᠤᠨ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠬᠦ ᠪᠠᠷ ᠲᠣᠭᠲᠠᠭᠠᠪᠠ᠃      ᠭᠤᠷᠪᠠ ᠳᠤ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨᠬᠦ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠨᠤᠭᠤᠳ ᠡᠨᠡ ᠤᠳᠠᠭᠠᠨ ᠤ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠵᠤ᠂ ᠪᠠᠭᠤᠯᠭᠠᠬᠤ ᠭᠡᠵᠦ ᠪᠠᠶᠢᠭ᠎ᠠ ᠲᠤᠰᠬᠠᠶ ᠠᠵᠢᠯᠯᠠᠭ᠎ᠠ ᠶᠢᠨ ᠲᠥᠰᠦᠯ ᠲᠠᠢ ᠤᠶᠠᠯᠳᠤᠭᠤᠯᠤᠨ᠂ ᠲᠤᠰᠬᠠᠶ ᠠᠵᠢᠯᠯᠠᠭ᠎ᠠ ᠶᠢ ᠭᠦᠨᠵᠡᠭᠡᠶ ᠦᠷᠨᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠵᠠᠰᠠᠮᠵᠢᠯᠠᠯᠲᠠ ᠶᠢᠨ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ᠂ ᠲᠤᠰᠬᠠᠶ ᠠᠵᠢᠯᠯᠠᠭ᠎ᠠ ᠶᠢ ᠬᠢᠨᠠᠨ ᠵᠢᠯᠣᠭᠤᠳᠴᠤ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠳ ᠤᠨ ᠬᠠᠮᠲᠤᠷᠠᠯᠴᠠᠬᠤ ᠲᠣᠭᠲᠠᠴᠠ ᠶᠢ ᠪᠦᠷᠢᠨᠰᠢᠭᠦᠯᠵᠦ᠂ ᠮᠡᠳᠡᠭᠡ ᠵᠠᠩᠭᠢ ᠶᠢᠨ ᠨᠡᠪᠲᠡᠷᠡᠯᠴᠡᠭᠡ ᠪᠠ ᠤᠬᠠᠭᠤᠯᠬᠤ ᠠᠵᠢᠯ ᠢᠶᠠᠨ ᠴᠢᠩᠭᠠᠳᠬᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号