ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠠᠵᠤ | ᠠᠬᠤᠶ ᠪᠠ ᠮᠡᠳᠡᠭᠡ ᠵᠠᠩᠬᠢᠴᠢᠯᠠᠯᠳᠠ ᠶᠢᠨ ᠵᠥᠪᠯᠡᠯ᠂ ᠰᠢᠯᠢ ᠶᠢᠨ ᠭᠤᠣᠯ ᠡᠳᠦᠷ ᠤᠨ ᠰᠣᠨᠢᠨ ᠤ ᠬᠤᠷᠢᠶ᠎ᠠ᠂ | ᠠᠶᠢᠮᠠᠭ ᠤᠨ ᠵᠠᠬᠢᠷᠭ᠎ᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠲᠥᠪ ᠵᠢᠴᠢ ᠰᠢᠯᠢ ᠶᠢᠨ ᠭᠤᠣᠯ ᠠᠶᠢᠮᠠᠭ ᠤᠨ | ᠮᠣᠩᠭᠤᠯ ᠬᠡᠯᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ︵ᠳᠣᠷᠣᠭᠰᠢ ︽ᠲᠠᠪᠴᠠᠩ︾ ᠭᠡᠵᠦ | ᠲᠣᠪᠴᠢᠯᠠᠨ᠎ᠠ︶ ᠢ ᠪᠠᠶᠢᠭᠤᠯᠬᠤ ᠠᠵᠤ ᠠᠬᠤᠶᠢᠯᠠᠯ ᠥᠪᠥᠷ ᠮᠣᠩᠭᠤᠯ ᠤᠨ ᠮᠦᠩᠬᠡ ᠭᠠᠯ ᠺᠣᠮᠫᠠᠨᠢ ᠬᠠᠮᠲᠤᠷᠠᠭᠰᠠᠨ | ᠬᠤᠷᠠᠯ ᠬᠢᠵᠦ᠂ ᠲᠠᠪᠴᠠᠩ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠬᠤᠯᠪᠣᠭᠳᠠᠯ ᠪᠥᠬᠦᠢ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠵᠠᠶ᠃ | ᠰᠢᠯᠢ ᠶᠢᠨ ᠭᠤᠣᠯ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠨᠢ ᠲᠠᠪᠴᠠᠩ ᠤᠨ ᠨᠢᠭᠡᠳᠦᠭᠡᠷ | ᠬᠤᠭᠤᠴᠠᠭᠠᠨ ᠤ ᠠᠵᠢᠯᠯᠠᠭᠠᠨ ᠤ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠮᠦᠩᠬᠡ ᠭᠠᠯ ᠺᠣᠮᠫᠠᠨᠢ | ᠲᠠᠢ ᠵᠠᠯᠭᠠᠵᠤ᠂ ᠪᠠᠰᠠ ᠲᠠᠪᠴᠠᠩ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠨᠢ ︽ᠡᠷᠬᠡ | ᠰᠦᠷᠲᠦ᠂ ᠶᠡᠷᠦᠩᠬᠡᠶᠢᠯᠡᠭᠰᠡᠨ᠂ ᠴᠢᠩᠭ᠎ᠠ ᠨᠢᠮᠪᠠᠶ᠂ ᠳᠦᠷᠢᠮᠵᠢᠭᠰᠡᠨ︾ ᠣᠨᠴᠠᠯᠢᠭ ᠢ ᠪᠦᠷᠢᠯᠳᠦᠭᠦᠯᠵᠤ᠂ | ᠠᠭᠤᠯᠭ᠎ᠠ ᠶᠢᠨ ᠲᠠᠯ᠎ᠠ ᠪᠠᠷ ︽ᠮᠠᠯᠴᠢᠳ ᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ | ᠬᠡᠷᠡᠭᠴᠡᠭᠡ ᠶᠢᠨ ᠮᠡᠳᠡᠭᠡ ᠵᠠᠩᠭᠢ︾ ︽ᠦᠬᠡᠷ ᠬᠤᠨᠢᠨ ᠤ ᠮᠢᠬ᠎ᠠ ᠶᠢᠨ ᠦᠨ᠎ᠡ ᠬᠠᠩᠰᠢ ᠶᠢ ᠴᠠᠭ ᠲᠤᠬᠠᠢ ᠳᠤᠨᠢ | ᠨᠡᠶᠢᠲᠡᠯᠡᠬᠦ︾ ᠵᠡᠷᠭᠡ ᠦᠪᠡᠷᠮᠢᠴᠡ ᠣᠨᠴᠠᠯᠢᠭᠲᠤ ᠦᠢᠯᠡᠴᠢᠯᠡᠭᠡ ᠶᠢ ᠳᠣᠪᠤᠶᠢᠯᠭᠠᠬᠤ ᠪᠥᠭᠡᠳ ᠪᠤᠰᠤᠳ ᠨᠡᠷ᠎ᠡ ᠠᠯᠳᠠᠷ | ᠲᠠᠢ ᠮᠣᠩᠭᠤᠯ ᠬᠡᠯᠡᠨ ᠤ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠯᠠᠪᠯᠠᠯᠲᠠ ᠪᠣᠯᠭᠠᠨ | ᠰᠤᠷᠤᠯᠴᠠᠬᠤ ᠪᠠᠷ ᠳᠠᠮᠵᠢᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ | ᠲᠣᠭᠲᠠᠭᠠᠯ᠂ ᠳᠠᠭᠤ ᠳᠦᠷᠰᠦ ᠲᠠᠨᠢᠯᠴᠠᠭᠤᠯᠬᠤ᠂ ᠬᠠᠷᠢᠯᠴᠠᠨ ᠦᠢᠯᠡᠳᠦᠯᠴᠡᠵᠦ ᠬᠠᠮᠲᠤ ᠪᠠᠷ ᠡᠳ᠋ᠯᠡᠬᠦ᠂ ᠴᠠᠭ | ᠠᠭᠤᠷ ᠤᠨ ᠦᠢᠯᠡᠴᠢᠯᠡᠭᠡ ᠬᠢᠬᠦ ᠵᠡᠷᠭᠡ ᠠᠭᠤᠯᠭ᠎ᠠ ᠶᠢ ᠨᠠᠷᠢᠯᠢᠭᠵᠢᠭᠤᠯᠵᠤ᠂ ᠬᠡᠷᠡᠭᠯᠡᠭᠴᠢ ᠶᠢᠨ ᠣᠷᠣᠯᠴᠠᠬᠤ ᠤᠷᠮ᠎ᠠ | ᠪᠠᠬ᠎ᠠ ᠶᠢ ᠨᠡᠮᠡᠭᠳᠡᠭᠦᠯᠦᠨ᠂ ᠰᠢᠯᠢ ᠶᠢᠨ ᠭᠤᠣᠯ ᠠᠶᠢᠮᠠᠭ ᠤᠨ ᠥᠷᠭᠡᠨ ᠤᠯᠠᠨ ᠮᠣᠩᠭᠤᠯ ᠬᠡᠯᠡᠲᠡᠳ ᠲᠤ ᠦᠢᠯᠡᠴᠢᠯᠡᠬᠦ | ᠵᠣᠷᠢᠯᠭ᠎ᠠ ᠳᠠᠭᠠᠨ ᠬᠦᠷᠬᠦ ᠶᠢ ᠱᠠᠭᠠᠷᠳᠠᠪᠠ᠃ ᠬᠤᠷᠠᠯ ᠳᠤ ᠣᠷᠤᠯᠴᠠᠭᠰᠠᠨ ᠡᠯ᠎ᠡ ᠰᠠᠯᠠᠭ᠎ᠠ ᠮᠥᠴᠢᠷ ᠤᠨ ᠠᠵᠢᠯᠲᠠᠳ | ᠲᠠᠪᠴᠠᠩ ᠤᠨ ᠬᠤᠶᠠᠳᠤᠭᠠᠷ ᠬᠤᠭᠤᠴᠠᠭᠠᠨ ᠤ ᠪᠥᠳᠥᠭᠡᠨ ᠪᠠᠶᠢᠭᠤᠯᠤᠯᠲᠠ ᠪᠠ ᠡᠵᠡᠩᠨᠡᠯᠲᠡ ᠳᠤ ᠪᠦᠲᠦᠭᠡᠯᠴᠢ | ᠴᠢᠨᠠᠷᠲᠠᠶ ᠰᠠᠨᠠᠯ ᠳᠤᠷᠠᠳᠵᠠᠭᠠᠭᠰᠠᠨ ᠪᠠᠶᠢᠨ᠎ᠠ᠃ |