ᠪᠦᠬᠦ ᠤᠷᠤᠨ ᠤ ᠦᠶᠡᠷ ᠢ ᠰᠡᠷᠭᠡᠶᠢᠯᠡᠵᠤ ᠭᠠᠨᠭ᠌ ᠬᠠᠭᠰᠠᠷᠠᠭᠠᠨ ᠲᠠᠢ ᠳᠡᠮᠡᠴᠡᠬᠦ ᠠᠵᠢᠯ ᠤᠨ ᠳᠧᠯᠸᠢᠰ ᠤᠳᠠᠰᠤ ᠬᠤᠷᠠᠯ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/6/8
     6 ᠳ᠋ᠤᠭᠠᠷ ᠰᠠᠷ᠎ᠠ ᠶᠢᠨ 7᠎ ᠤ ᠡᠳᠦᠷ ᠤᠨ ᠦᠳᠡ ᠶᠢᠨ ᠡᠮᠦᠨ᠎ᠡ᠂ ᠪᠦᠬᠦ ᠤᠷᠤᠨ ᠤ ᠦᠶᠡᠷ ᠢ ᠰᠡᠷᠭᠡᠶᠢᠯᠡᠵᠤ ᠭᠠᠨᠭ᠌ ᠬᠠᠭᠰᠠᠷᠠᠭᠠᠨ ᠲᠠᠢ ᠳᠡᠮᠡᠴᠡᠬᠦ ᠠᠵᠢᠯ ᠤᠨ ᠳᠧᠯᠸᠢᠰ ᠤᠳᠠᠰᠤ ᠬᠤᠷᠠᠯ ᠬᠦᠬᠡᠬᠤᠳᠠ ᠳᠤ ᠬᠤᠷᠠᠯᠳᠤᠵᠤ᠂ ︽12·5︾᠎ ᠶᠢᠨ ᠦᠶᠡᠷ ᠢ ᠰᠡᠷᠭᠡᠶᠢᠯᠡᠵᠤ ᠭᠠᠨᠭ᠌ ᠬᠠᠭᠰᠠᠷᠠᠭᠠᠨ ᠲᠠᠢ ᠳᠡᠮᠡᠴᠡᠬᠦ ᠠᠵᠢᠯ ᠢ ᠡᠷᠬᠢᠴᠡᠬᠦᠯᠦᠨ ᠳ᠋ᠦᠡᠭᠨᠡᠵᠤ᠂ ︽13·5︾ ᠪᠠ ᠡᠨᠡ ᠵᠢᠯ ᠤᠨ ᠦᠶᠡᠷ ᠢ ᠰᠡᠷᠭᠡᠶᠢᠯᠡᠵᠤ ᠭᠠᠨᠭ᠌ ᠬᠠᠭᠰᠠᠷᠠᠭᠠᠨ ᠲᠠᠢ ᠳᠡᠮᠡᠴᠡᠬᠦ ᠠᠵᠢᠯ ᠤᠨ ᠡᠭᠦᠷᠭᠡ ᠳᠤ ᠪᠠᠶᠢᠷᠢᠯᠠᠭᠤᠯᠤᠯᠳᠠ ᠬᠢᠪᠡ᠃      ᠦᠪᠡᠷᠳᠡᠭᠡᠨ ᠵᠠᠰᠠᠬᠤ ᠤᠷᠤᠨ ᠤ ᠳᠡᠡᠳ᠋ ᠳᠡᠷᠢᠬᠦᠯᠦᠭᠴᠢ ᠸᠠᠩ ᠢᠦᠢ ᠮᠢᠩ ᠬᠤᠷᠠᠯ ᠳᠤ ᠤᠷᠤᠯᠴᠠᠵᠤ ᠶᠠᠷᠢᠶ᠎ᠠ ᠳᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽13·5︾ ᠪᠤᠯ ᠴᠢᠨᠡᠭᠡᠯᠢᠭ ᠨᠡᠶᠢᠭᠡᠮ ᠢ ᠪᠦᠬᠦ ᠳᠠᠯ᠎ᠡ ᠪᠠᠷ ᠪᠡᠶᠡᠯᠡᠬᠦᠯᠬᠦ ᠵᠠᠩᠬᠢᠯᠠᠭ᠎ᠠ ᠶᠢᠨ ᠱᠠᠳᠤ ᠦᠶ᠎ᠡ ᠪᠤᠯᠤᠨ᠎ᠠ᠂ ᠦᠶᠡᠷ ᠢ ᠰᠡᠷᠭᠡᠶᠢᠯᠡᠵᠤ ᠭᠠᠨᠭ᠌ ᠬᠠᠭᠰᠠᠷᠠᠭᠠᠨ ᠲᠠᠢ ᠳᠡᠮᠡᠴᠡᠬᠦ ᠠᠵᠢᠯ ᠤᠨ ᠤᠳᠤᠬᠢᠴᠢᠯᠠᠯᠳᠠ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠶᠢ ᠲᠦᠷᠭᠡᠳᠬᠡᠵᠤ᠂ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠬᠦᠯᠬᠦ ᠨᠢ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃ ︽ᠤᠰᠤ ᠠᠷᠪᠢᠯᠠᠬᠤ ᠪᠠᠷ ᠤᠷᠢᠳᠡᠯ ᠪᠤᠯᠭᠠᠬᠤ᠂ ᠤᠷᠤᠨ ᠵᠠᠢ ᠶᠢ ᠲᠡᠩᠴᠡᠭᠦᠷᠢᠰᠢᠭᠦᠯᠭᠦ᠂ ᠰᠢᠰᠲ᠋ᠧᠮ ᠲᠠᠢ ᠵᠠᠰᠠᠬᠤ᠂ ᠬᠠᠮᠳᠤ ᠪᠠᠷ ᠬᠦᠴᠦᠯᠡᠬᠦ︾ ᠰᠢᠨ᠎ᠡ ᠴᠠᠭ ᠦᠶ᠎ᠡ ᠶᠢᠨ ᠤᠰᠤᠨ ᠠᠰᠢᠬᠯᠡᠯᠳᠠ ᠶᠢᠨ ᠠᠵᠢᠯ ᠤᠨ ᠴᠢᠭᠯᠡᠯᠳᠡ ᠪᠠᠷ ᠮᠠᠨ ᠤ ᠤᠷᠤᠨ ᠤ ︽13·5︾᠎ ᠶᠢᠨ ᠦᠶᠡᠷ ᠢ ᠰᠡᠷᠭᠡᠶᠢᠯᠡᠵᠤ ᠭᠠᠨᠭ᠌ ᠬᠠᠭᠰᠠᠷᠠᠭᠠᠨ ᠲᠠᠢ ᠳᠡᠮᠡᠴᠡᠬᠦ ᠠᠵᠢᠯ ᠢ ᠰᠠᠶᠢᠳᠤᠷ ᠬᠢᠵᠤ᠂ ᠬᠦᠮᠦᠨ ᠢᠶᠠᠷ ᠦᠨᠳᠤᠰᠤ ᠪᠤᠯᠭᠠᠵᠤ᠂ ᠠᠮᠢ ᠨᠠᠰᠤ ᠶᠢ ᠳᠡᠭᠡᠳᠤᠯᠡᠵᠤ᠂ ᠲᠦᠷᠢᠮ ᠢ ᠬᠦᠨᠳᠦᠳᠬᠡᠨ᠂ ᠬᠦᠮᠤᠨ ᠤᠰᠤᠨ ᠤ ᠡᠶ᠎ᠡ ᠵᠤᠭᠢᠴᠡᠩᠭᠤᠢ ᠶᠢ ᠪᠠᠳᠤᠯᠠᠵᠤ᠂ ᠬᠠᠤᠯᠢ ᠶᠤᠰᠤᠭᠠᠷ᠂ ᠰᠢᠨᠵᠢᠯᠡᠬᠦ ᠤᠬᠠᠭᠠᠨᠴᠢ ᠪᠠᠷ᠂ ᠶᠡᠷᠦᠩᠬᠡᠶᠢᠯᠡᠨ ᠰᠡᠷᠭᠡᠶᠢᠯᠡᠨ ᠡᠵᠡᠮᠳᠡᠵᠤ᠂ ᠤᠯᠡᠨ ᠢᠶᠠᠷ ᠢᠶᠠᠨ ᠰᠡᠷᠭᠡᠶᠢᠯᠡᠵᠤ ᠤᠯᠡᠨ ᠢᠶᠠᠷ ᠢᠶᠠᠨ ᠡᠵᠡᠮᠳᠡᠬᠦ ᠶᠢ ᠪᠠᠳᠤᠯᠠᠵᠤ᠂ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠶᠢ ᠬᠠᠮᠳᠤ ᠳᠤᠨᠢ ᠴᠢᠬᠤᠯᠠᠴᠢᠯᠠᠵᠤ᠂ ᠦᠡᠭᠭᠡᠨ ᠲᠠᠯ᠎ᠠ ᠪᠡ ᠦᠨᠳᠤᠰᠤᠨ ᠠᠴᠠ ᠨᠢ ᠵᠠᠰᠠᠬᠤ ᠶᠢ ᠤᠶᠠᠯᠳᠤᠭᠤᠯᠵᠤ᠂ ᠵᠠᠰᠠᠭ ᠤᠨ ᠤᠷᠳᠤᠨ ᠪᠠ ᠨᠡᠶᠢᠭᠡᠮ ᠬᠠᠮᠵᠢᠯᠴᠠᠨ᠂ ᠪᠦᠬᠦ ᠳᠠᠯ᠎ᠡ ᠶᠢᠨ ᠴᠢᠨᠡᠭᠡᠯᠢᠭ ᠨᠡᠶᠢᠭᠡᠮ ᠲᠠᠢ ᠵᠤᠬᠢᠴᠠᠯᠳᠤᠭᠰᠠᠨ ᠦᠶᠡᠷ ᠢ ᠰᠡᠷᠭᠡᠶᠢᠯᠡᠵᠤ ᠭᠠᠨᠭ᠌ ᠬᠠᠭᠰᠠᠷᠠᠭᠠᠨ ᠲᠠᠢ ᠳᠡᠮᠡᠴᠡᠵᠤ ᠭᠠᠮᠰᠢᠭ ᠢ ᠪᠠᠭᠠᠰᠬᠠᠬᠤ ᠰᠢᠰᠲ᠋ᠧᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠭᠦ ᠭᠡᠷᠡᠭᠳᠡᠢ ᠬᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号