ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ | ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠣᠯᠣᠨ ᠡᠷᠦᠬᠡ ᠠᠮᠠ ᠶᠢᠨ ᠳᠠᠩᠰᠠᠨ ᠤ ᠳᠦᠷᠢᠮ ᠤᠨ | ᠥᠭᠡᠷᠡᠴᠢᠯᠡᠯᠲᠡ ᠶᠢᠨ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠤᠳᠠ ᠬᠥᠳᠡᠭᠡ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠶ ᠲᠣᠬᠢᠷᠠᠭᠤᠯᠬᠤ ᠶᠢ ᠨᠢᠭᠡᠳᠦᠯᠲᠡᠶ | ᠲᠥᠯᠥᠪᠯᠡᠵᠦ᠂ ᠬᠤᠲᠠ ᠬᠥᠳᠡᠭᠡ ᠶᠢ ᠨᠢᠭᠡᠳᠦᠭᠦᠯᠬᠦ᠂ ᠬᠥᠳᠡᠭᠡ ᠲᠣᠰᠬᠤᠨ ᠢᠶᠠᠷ ᠭᠤᠣᠯᠯᠠᠬᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠯ ᠤᠨ | ᠴᠢᠨᠠᠷ ᠴᠢᠨᠰᠠᠭ᠎ᠠ ᠨᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠨ ᠬᠥᠮᠦᠵᠢᠯ ᠢ ᠭᠤᠣᠯᠴᠢ ᠪᠠᠶᠢᠯᠭᠠᠬᠤ ᠶᠢ | ᠠᠬᠢᠭᠤᠯᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢᠨ ᠲᠥᠯᠥᠭᠡ᠂ | ᠤᠷᠳᠤᠰ ᠬᠤᠳᠠ ︽ᠣᠷᠳᠣᠰ ᠬᠤᠲᠠ ᠶᠢᠨ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠶᠢᠨ ᠬᠡᠷᠡᠭᠵᠢᠭᠦᠯᠬᠦ ᠲᠥᠰᠦᠯ︾ | ᠢ ᠲᠣᠭᠲᠠᠭᠠᠪᠠ᠃ | ᠨᠢᠭᠡ ᠳᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠰᠦᠢᠳᠬᠡᠯ ᠦᠯᠦ | ᠬᠤᠷᠢᠶᠠᠬᠤ︾ ᠲᠦᠷᠦ ᠶᠢᠨ ᠪᠤᠳᠤᠯᠭ᠎ᠠ ᠶᠢ ᠨᠢᠭᠡᠳᠬᠡᠨ᠎ᠡ᠃ ᠣᠷᠳᠣᠰ ᠬᠤᠲᠠ ᠬᠢᠲᠠᠳ ︵ᠮᠣᠩᠭᠤᠯ ᠬᠡᠯᠡ ᠨᠡᠮᠡᠵᠦ | ᠰᠤᠷᠬᠤ ᠶᠢ ᠪᠠᠭᠲᠠᠭᠠᠨ᠎ᠠ︶ ᠢᠶᠠᠷ ᠬᠢᠴᠢᠶᠡᠯᠯᠡᠵᠦ ᠪᠠᠶᠢᠭ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠳᠠᠬᠢ ᠰᠤᠷᠤᠭᠴᠢᠳ ᠲᠤ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠡᠯᠲᠦᠷᠢᠭᠦᠯᠵᠦ ᠬᠤᠶᠠᠷ ᠢ | ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠰᠠᠭᠤᠷᠢᠨ ᠳᠡᠭᠡᠷ᠎ᠡ᠂ ︽ᠭᠤᠷᠪᠠ ᠶᠢ ᠬᠡᠯᠲᠦᠷᠢᠭᠦᠯᠵᠦ | ᠬᠤᠶᠠᠷ ᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠮᠣᠩᠭᠤᠯ ᠢᠶᠠᠷ ᠬᠢᠴᠢᠶᠡᠯᠯᠡᠵᠦ ᠪᠠᠶᠢᠭ᠎ᠠ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠲᠤ ︽ᠳᠥᠷᠪᠡ ᠶᠢ ᠬᠡᠯᠲᠦᠷᠢᠭᠦᠯᠵᠦ | ᠭᠤᠷᠪᠠ ᠶᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠥᠭᠡᠳ ᠠᠮᠢᠳᠤᠷᠠᠯ ᠤᠨ ᠵᠠᠷᠤᠳᠠᠯ ᠤᠨ | ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠬᠤᠶᠠᠷ ᠲᠤ ᠬᠤᠲᠠ ᠬᠥᠳᠡᠭᠡ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢᠳ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ | ᠳᠤᠮᠳᠠᠴᠢ ᠰᠠᠭᠤᠷᠢ ᠪᠠᠷᠢᠮᠵᠢᠶ᠎ᠠ ᠲᠤᠭ᠎ᠠ ᠶᠢ ᠨᠢᠭᠡᠳᠬᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠤᠨ | ᠤᠳᠤ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠥᠷᠢ ᠶᠢᠨ ᠪᠠᠷᠢᠮᠵᠢᠶ᠎ᠠ ᠨᠢ ᠪᠠᠷᠢᠮᠵᠢᠶᠠᠲᠤ ᠲᠣᠭᠲᠠᠭᠰᠠᠨ | ᠨᠤᠷᠮ᠎ᠠ ᠠᠴᠠ ᠦᠨᠳᠦᠷ ᠪᠠᠶᠢᠬᠤ ᠬᠡᠮᠵᠢᠶ᠎ᠡ ᠶᠢ ᠪᠠᠭᠤᠷᠠᠭᠤᠯᠬᠤ ᠦᠭᠡᠢ ᠪᠠᠶᠢᠬᠤ ᠶᠢ ᠪᠠᠲᠤᠯᠠᠬᠤ ᠶᠢᠨ ᠬᠠᠮᠲᠤ ᠡᠯ᠎ᠡ | ᠬᠤᠰᠢᠭᠤ ᠰᠢᠶᠠᠨ ᠲᠣᠭᠤᠷᠢᠭ ᠪᠣᠳᠠᠲᠤ ᠪᠠᠶᠢᠳᠠᠯ ᠢᠶᠠᠨ ᠦᠨᠳᠦᠰᠦᠯᠡᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ | ᠨᠥᠬᠦᠪᠥᠷᠢ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ᠃ ᠭᠤᠷᠪᠠ ᠳᠤ ᠬᠤᠲᠠ ᠬᠥᠳᠡᠭᠡ ᠶᠢᠨ | ᠨᠢᠭᠡᠳᠦᠯᠲᠡᠶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠦᠷᠢᠶ᠎ᠡ ᠶᠢᠨ ᠰᠤᠷᠣᠭᠴᠢ ᠶᠢᠨ | ᠪᠠᠶᠢᠷᠢ ᠶᠢᠨ ᠠᠶᠤᠯ ᠦᠭᠡᠢ ᠪᠠᠶᠢᠬᠤ ᠶᠢ ᠪᠠᠲᠤᠯᠠᠬᠤ ᠤᠷᠳᠤ ᠬᠤᠭᠤᠴᠠᠭ᠎ᠠ ᠪᠠᠷ ᠪᠦᠲᠦᠮᠵᠢᠲᠡᠶ ᠲᠣᠭᠲᠠᠴᠠ ᠶᠢ | ᠪᠠᠶᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠲᠤᠰ ᠪᠡᠯᠡ ᠮᠥᠩᠭᠦ ᠶᠢ ᠡᠳ᠋ ᠤᠨ ᠵᠠᠰᠠᠭ ᠤᠨ ᠲᠥᠰᠦᠪ | ᠲᠡᠭᠡᠨ ᠣᠷᠣᠭᠤᠯᠤᠨ᠎ᠠ᠃ ᠲᠦᠷᠪᠡ ᠳᠤ ᠬᠤᠳᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠰᠢ ᠶᠢᠨ ᠴᠠᠯᠢᠩ ᠢ ᠲᠤᠭ᠎ᠠ ᠶᠣᠰᠣᠭᠠᠷ ᠨᠢ ᠥᠭᠬᠦ ᠶᠢ ᠪᠠᠲᠤᠯᠠᠨ᠎ᠠ᠃ ᠡᠳ᠋ ᠤᠨ ᠬᠦᠴᠦᠨ ᠪᠠᠭᠤᠷᠠᠶ ᠪᠠᠶᠢᠭ᠎ᠠ | ᠬᠤᠰᠢᠭᠤ ᠲᠣᠭᠤᠷᠢᠭ ᠲᠤ ᠰᠢᠯᠵᠢᠭᠦᠯᠦᠨ ᠥᠭᠬᠦ ᠡᠷᠴᠢᠮ ᠢᠶᠠᠨ ᠨᠡᠮᠡᠭᠳᠡᠭᠦᠯᠵᠦ᠂ ᠡᠯ᠎ᠡ ᠬᠤᠰᠢᠭᠤ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠶᠢᠨ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠥᠭᠬᠦ ᠶᠢ ᠪᠠᠲᠤᠯᠠᠨ᠎ᠠ᠃ | ᠰᠤᠷᠤᠭᠴᠢᠳ ᠤᠨ ᠰᠤᠷᠭᠠᠭᠤᠯᠢ ᠶᠢᠨ ᠰᠤᠩᠭᠤᠯᠲᠠ ᠶᠢ ᠴᠢᠩᠭᠠᠳᠬᠠᠬᠤ ᠶᠢᠨ ᠲᠥᠯᠥᠭᠡ᠂ ᠡᠨᠡ ᠠᠵᠢᠯ ᠢ | ᠬᠡᠷᠡᠭᠵᠢᠭᠦᠯᠬᠦ ᠳᠤ᠂ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠯᠭ᠎ᠠ ᠶᠢᠨ ᠬᠠᠷᠢᠶᠠᠨ ᠤ | ᠬᠠᠮᠢᠶᠠᠷᠤᠯᠲᠠ ᠶᠢᠨ ᠰᠢᠰᠲ᠋ᠧᠮ ᠤᠨ ᠲᠤᠭ᠎ᠠ ᠪᠠᠷᠢᠮᠲᠠ ᠪᠠᠷ ᠰᠤᠷᠭᠠᠨ ᠬᠥᠮᠦᠵᠢᠯ ᠤᠨ ᠵᠠᠷᠤᠳᠠᠯ ᠢ ᠬᠤᠪᠢᠶᠠᠷᠢᠯᠠᠬᠤ | ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠨ ᠬᠡᠷᠡᠭᠯᠡᠵᠦ᠂ ᠬᠠᠮᠢᠶ᠎ᠠ ᠪᠦᠬᠦᠢ ᠰᠤᠷᠭᠠᠨ ᠬᠥᠮᠦᠵᠢᠯ ᠤᠨ ᠵᠠᠷᠤᠳᠠᠯ ᠢ | ᠠᠪᠴᠤ ᠶᠠᠪᠤᠵᠤ ᠪᠣᠯᠬᠤ ᠶᠢ ᠪᠡᠶᠡᠯᠡᠭᠦᠯᠦᠨ᠎ᠡ᠃ |