︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠳᠦᠷᠢᠮ ︵ᠲᠥᠰᠦᠯ︶︾᠎ ᠤᠨ ᠲᠤᠬᠠᠢ ᠢᠯᠡ ᠪᠠᠷ ᠰᠠᠨᠠᠯ ᠬᠤᠷᠢᠶᠠᠬᠤ ᠠᠯᠪᠠᠨ ᠵᠠᠷ
ᠨᠡᠶᠢᠲᠡᠯᠡᠭᠰᠡᠨ ᠴᠠᠭ᠄
2016/6/8
     ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠ ᠶᠢᠰᠦᠳᠦᠭᠡᠷ ᠬᠤᠷᠠᠯᠳᠤᠭᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠳᠦᠷᠢᠮ ︵ᠲᠥᠰᠦᠯ︶︾᠎ ᠢ ᠠᠩᠬ᠎ᠠ ᠤᠳᠠᠭ᠎ᠠ ᠬᠢᠨᠠᠨ ᠵᠦᠪᠯᠡᠵᠦ᠂ 7 ᠳ᠋ᠤᠭᠠᠷ ᠰᠠᠷ᠎ᠠ ᠶᠢᠨ ᠰᠡᠭᠦᠯᠴᠢ ᠪᠠᠷ ᠳᠠᠬᠢᠨ ᠵᠦᠪᠯᠡᠬᠦ ᠪᠠᠷ ᠲᠦᠯᠦᠪᠯᠡᠵᠦ ᠪᠣᠢ᠃ ᠡᠳᠦᠭᠡ ᠲᠦᠷᠢᠮ ︵ᠲᠥᠰᠦᠯ︶ ᠵᠢᠴᠢ ᠲᠣᠳᠣᠷᠬᠠᠶᠢᠯᠠᠯᠲᠠ ᠶᠢ ᠪᠦᠬᠦ ᠠᠭᠤᠯᠭ᠎ᠠ ᠪᠠᠷ ᠨᠢ ᠨᠡᠶᠢᠲᠡᠯᠡᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠨ᠎ᠠ᠃ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠤᠭ᠎ᠠ ᠪᠠᠨ 2016 ᠣᠨ ᠤ 7 ᠳ᠋ᠤᠭᠠᠷ ᠰᠠᠷ᠎ᠠ ᠶᠢᠨ 11᠎ ᠤ ᠡᠳᠦᠷ ᠠᠴᠠ ᠡᠮᠦᠨ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠵᠦᠪᠯᠡᠯ ᠳᠤ ᠪᠣᠴᠭᠠᠯᠭᠠᠷᠠᠢ᠃      ᠬᠠᠷᠢᠯᠴᠠᠬᠤ ᠬᠥᠮᠦᠨ᠄ ᠯᠢᠦ ᠬᠤᠢ      ᠬᠠᠷᠢᠯᠴᠠᠬᠤ ᠤᠲᠠᠰᠤ᠄ 0471 — 6600643 ︵ᠳᠦᠷᠰᠦᠲᠦ ᠴᠠᠬᠢᠯᠭᠠᠨ︶      ᠡᠯᠧᠺᠲᠷᠣᠨ ᠰᠢᠦᠳᠠᠨ ᠤ ᠬᠠᠶ᠋ᠢᠭ᠄ liuhui-00306013@163.com      ᠬᠠᠷᠢᠯᠴᠠᠬᠤ ᠬᠠᠶ᠋ᠢᠭ᠄ ᠬᠥᠬᠡᠬᠤᠲᠠ ᠶᠢᠨ ᠵᠦᠩ ᠱᠠᠨ ᠵᠡᠭᠦᠨ ᠵᠡᠭᠡᠯᠢ ᠶᠢᠨ 3 ᠳ᠋ᠤᠭᠠᠷ ᠨᠣᠮᠧᠷ      ᠰᠢᠦᠳᠠᠨ ᠤ ᠳ᠋ᠤᠭᠠᠷ᠄ 010020            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ                  2016 ᠣᠨ ᠤ 6 ᠳ᠋ᠤᠭᠠᠷ ᠰᠠᠷ᠎ᠠ ᠶᠢᠨ 6᠎ ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号