ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ | ᠪᠤᠳᠤᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ 2016 ᠣᠨ ᠤ ᠰᠤᠳᠤᠯᠭᠠᠨ ᠤ | ᠰᠡᠳᠦᠪ ᠲᠤ ᠨᠡᠶᠢᠭᠡᠮ ᠳᠤ ᠢᠯᠡ ᠪᠠᠷ ᠳᠠᠭᠠᠭᠠᠴᠢᠯᠠᠯᠲᠠ ᠵᠠᠷᠯᠠᠨ᠎ᠠ᠂ ᠡᠳᠦᠭᠡ ᠬᠤᠯᠪᠣᠭᠳᠠᠯ ᠪᠥᠬᠦᠢ ᠤᠴᠢᠷ ᠶᠠᠪᠤᠳᠠᠯ ᠢ | ᠳᠤᠤᠷᠠᠬᠢ ᠮᠡᠲᠦ ᠮᠡᠳᠡᠭᠳᠡᠪᠡ᠄ | ᠨᠢᠭᠡ᠂ ᠳᠠᠭᠠᠭᠠᠴᠢᠯᠠᠯᠲᠠ ᠵᠠᠷᠯᠠᠬᠤ ᠰᠤᠳᠤᠯᠭᠠᠨ ᠤ ᠰᠡᠳᠦᠪ ᠤᠨ ᠭᠠᠷᠴᠠᠭ | 1. ᠥᠪᠥᠷ ᠮᠣᠩᠭᠤᠯ ᠶᠠᠰᠤ ᠴᠢᠨᠠᠷ ᠢᠶᠠᠷ ᠣᠷᠣᠨ ᠢᠶᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠵᠤ᠂ ᠶᠠᠰᠤ ᠴᠢᠨᠠᠷ ᠤᠨ ᠬᠦᠭᠵᠢᠯᠲᠡ ᠶᠢ ᠳᠡᠭᠡᠭᠰᠢᠯᠡᠬᠦᠯᠬᠦ ᠰᠤᠳᠤᠯᠭ᠎ᠠ | 2. ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ | ᠬᠤᠪᠢᠷᠠᠭᠤᠯᠬᠤ ᠰᠤᠳᠤᠯᠭ᠎ᠠ | 3. ᠥᠪᠥᠷ ᠮᠣᠩᠭᠤᠯ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠲᠣᠭᠲᠠᠴᠠ ᠶᠢᠨ ᠰᠢᠨ᠎ᠡ ᠶᠢ | ᠡᠬᠦᠳᠬᠦ ᠰᠤᠳᠤᠯᠭ᠎ᠠ | 4. ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤ ᠡᠵᠡᠮᠰᠢᠪᠡᠰᠦ ᠵᠤᠬᠢᠬᠤ ᠴᠢᠬᠤᠯᠠ ᠶᠡᠭᠡ ᠠᠰᠠᠭᠤᠳᠠᠯ ᠤᠨ ᠰᠤᠳᠤᠯᠭ᠎ᠠ | 5. ᠥᠪᠥᠷ ᠮᠣᠩᠭᠤᠯ ᠤᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠤᠶᠠᠯᠳᠤᠭᠤᠯᠬᠤ ᠲᠤᠬᠠᠢ ᠰᠤᠳᠤᠯᠭ᠎ᠠ | 6. ᠥᠪᠥᠷ ᠮᠣᠩᠭᠤᠯ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ | ᠠᠬᠢᠭᠤᠯᠬᠤ ᠲᠤᠬᠠᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠰᠤᠳᠤᠯᠭ᠎ᠠ | 7. ᠥᠪᠥᠷ ᠮᠣᠩᠭᠤᠯ ᠤᠨ ᠠᠷᠠᠳ ᠢ ᠨᠡᠭᠦᠯᠭᠡᠬᠦ ᠦᠷ᠎ᠡ ᠪᠦᠲᠦᠮᠵᠢ ᠶᠢ ᠦᠨᠡᠯᠡᠨ ᠵᠢᠱᠢᠬᠦ ᠪᠠ ᠠᠷᠭ᠎ᠠ | ᠪᠣᠳᠣᠯᠭ᠎ᠠ ᠶᠢᠨ ᠲᠤᠬᠠᠶ ᠰᠤᠳᠤᠯᠭ᠎ᠠ | 8. ᠥᠪᠥᠷ ᠮᠣᠩᠭᠤᠯ ᠤᠨ ᠡᠪᠡᠳᠴᠢᠨ ᠠᠴᠠ ᠪᠤᠯᠵᠤ ᠶᠠᠳᠠᠭᠤᠷᠠᠬᠤ᠂ ᠡᠪᠡᠳᠴᠢᠨ ᠠᠴᠠ ᠪᠣᠯᠵᠤ ᠠᠬᠢᠭᠠᠳ | ᠶᠠᠳᠠᠭᠤᠷᠠᠬᠤ ᠶᠢ ᠲᠤᠶᠢᠯ ᠤᠨ ᠤᠨᠤᠪᠴᠢᠲᠠᠢ ᠪᠠᠷ ᠰᠢᠢᠳᠪᠦᠷᠢᠯᠡᠬᠦ ᠠᠷᠭ᠎ᠠ ᠪᠣᠳᠣᠯᠭ᠎ᠠ ᠶᠢᠨ ᠲᠤᠬᠠᠶ ᠰᠤᠳᠤᠯᠭ᠎ᠠ | 9. ᠰᠢᠨ᠎ᠡ ᠪᠠᠶᠢᠳᠠᠯ ᠳᠤᠤᠷᠠᠬᠢ ᠥᠪᠥᠷ ᠮᠣᠩᠭᠤᠯ ᠤᠨ ᠴᠠᠬᠢᠯᠭᠠᠨ ᠬᠦᠴᠦᠨ ᠤ ᠠᠵᠤ ᠦᠢᠯᠡᠳᠪᠦᠷᠢ ᠶᠢᠨ | ᠬᠥᠭᠵᠢᠯᠲᠡ ᠶᠢᠨ ᠠᠰᠠᠭᠤᠳᠠᠯ ᠤᠨ ᠲᠤᠬᠠᠢ ᠰᠤᠳᠤᠯᠭ᠎ᠠ | 10. ᠥᠪᠥᠷ ᠮᠣᠩᠭᠤᠯ ᠬᠠᠷᠠᠮᠥ᠋ᠷᠡᠨ ᠯᠤᠭ᠎ᠠ ᠣᠷᠣᠰ ᠲᠤ ᠨᠡᠭᠡᠭᠡᠯᠲᠡ ᠬᠢᠬᠦ ᠲᠤᠬᠠᠢ ᠬᠠᠷᠢᠴᠠᠭᠤᠯᠤᠭᠰᠠᠨ | ᠰᠤᠳᠤᠯᠭ᠎ᠠ | 11. ᠮᠤᠵᠢ ᠤᠷᠤᠨ ᠤ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠠᠷᠭ᠎ᠠ ᠪᠤᠯᠤᠨ | ᠲᠤᠷᠰᠢᠯᠭ᠎ᠠ ᠶᠢᠨ ᠬᠤᠯᠪᠣᠭᠳᠠᠯ ᠪᠦᠬᠦᠢ ᠪᠠᠶᠢᠴᠠᠭᠠᠯᠲᠠ | ᠬᠤᠶᠠᠷ᠂ ᠳᠠᠭᠠᠭᠠᠴᠢᠯᠠᠯᠲᠠ ᠵᠠᠷᠯᠠᠬᠤ ᠱᠠᠭᠠᠷᠳᠠᠯᠭ᠎ᠠ | 1. ᠰᠤᠳᠤᠯᠭᠠᠨ ᠤ ᠰᠡᠳᠦᠪ ᠭᠤᠶᠤᠴᠢᠯᠠᠭᠴᠢ ᠨᠢ ᠡᠷᠭᠡᠪᠰᠢ ᠳᠡᠭᠡᠲᠦ ᠵᠡᠷᠭᠡ ᠶᠢᠨ ᠳᠡᠳ᠋ ᠳᠡᠰ ᠠᠴᠠ ᠳᠡᠭᠡᠭᠰᠢ | ᠮᠡᠷᠭᠡᠵᠢᠯ ᠤᠨ ᠴᠣᠯᠠ ᠪᠤᠶᠤ ᠳᠡᠳ᠋ ᠭᠠᠵᠠᠷ ᠤᠨ ᠳᠡᠰ ᠠᠴᠠ ᠳᠡᠭᠡᠭᠰᠢ ᠲᠤᠰᠢᠶᠠᠯ ᠲᠠᠢ ᠪᠠᠶᠢᠵᠤ᠂ ᠭᠤᠣᠯ ᠤᠷᠤᠯᠴᠠᠬᠤ | ᠬᠥᠮᠦᠰ ᠨᠢ ᠰᠤᠳᠤᠯᠭ᠎ᠠ ᠬᠢᠭᠰᠡᠨ ᠪᠠ ᠪᠣᠳᠠᠲᠠᠶ ᠠᠵᠢᠯ ᠳᠤ ᠤᠷᠤᠯᠴᠠᠭᠰᠠᠨ ᠠᠬᠤᠶ ᠪᠠᠶᠢᠳᠠᠯ ᠢ ᠪᠦᠷᠢᠳᠦᠭᠦᠯᠦᠭᠰᠡᠨ | ᠪᠠᠶᠢᠬᠤ ᠬᠡᠷᠡᠭᠲᠠᠢ᠃ | 2. ᠰᠤᠳᠤᠯᠭᠠᠨ ᠤ ᠰᠡᠳᠦᠪ ᠭᠤᠶᠤᠴᠢᠯᠠᠭᠴᠢ ᠨᠢ ᠵᠠᠪᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠵᠥᠪᠯᠡᠯᠭᠡ ᠥᠭᠬᠦ | ᠰᠤᠳᠤᠯᠭᠠᠨ ᠤ ᠰᠡᠳᠦᠪ ᠤᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠬᠤ ᠪᠠᠷ ᠠᠮᠠᠯᠠᠵᠤ᠂ ᠰᠤᠳᠤᠯᠭᠠᠨ ᠤ | ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠡᠯ᠎ᠡ ᠱᠠᠲᠤᠨ ᠤ ᠰᠤᠳᠤᠯᠭᠠᠨ ᠤ ᠦᠷ᠎ᠡ ᠪᠦᠲᠦᠭᠡᠯ ᠢᠶᠠᠨ ᠴᠠᠭ | ᠲᠤᠬᠠᠶ ᠳᠤᠨᠢ ᠲᠤᠰᠢᠶᠠᠬᠤ ᠬᠡᠷᠡᠭᠲᠡᠶ᠃ | 3. ᠰᠤᠳᠤᠯᠭᠠᠨ ᠤ ᠰᠡᠳᠦᠪ ᠤᠨ ᠰᠤᠳᠤᠯᠬᠤ ᠴᠠᠭ ᠤᠨ ᠬᠢᠵᠠᠭᠠᠷ ᠢ 6 ᠰᠠᠷ᠎ᠠ ᠠᠴᠠ ᠬᠡᠲᠦᠷᠡᠭᠦᠯᠵᠦ ᠪᠣᠯᠬᠤ | ᠦᠭᠡᠢ᠃ | 4. ᠰᠤᠳᠤᠯᠭᠠᠨ ᠤ ᠰᠡᠳᠦᠪ ᠨᠢᠭᠡᠪᠦᠷᠢ ᠶᠢᠨ ᠲᠤᠰᠠᠯᠠᠬᠤ ᠵᠠᠷᠤᠳᠠᠯ ᠢ 10 ᠲᠦᠮᠡᠨ ᠲᠥᠭᠦᠷᠢᠭ ᠠᠴᠠ | ᠳᠤᠲᠠᠭᠤ ᠪᠠᠶᠢᠯᠭᠠᠬᠤ ᠦᠭᠡᠢ᠃ | ᠭᠤᠷᠪᠠ᠂ ᠳᠠᠭᠠᠭᠠᠴᠢᠯᠠᠯᠲᠠ ᠵᠠᠷᠯᠠᠬᠤ ᠴᠠᠭ ᠤᠨ ᠬᠢᠵᠠᠭᠠᠷ | ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ 2016 ᠤᠨ ᠤ 6 ᠳ᠋ᠤᠭᠠᠷ ᠰᠠᠷ᠎ᠠ ᠶᠢᠨ 24 ᠤ | ᠡᠳᠦᠷ ᠢᠶᠠᠷ ᠬᠢᠵᠠᠭᠠᠷᠯᠠᠨ᠎ᠠ᠃ ᠬᠤᠭᠤᠴᠠᠭ᠎ᠠ ᠬᠡᠲᠦᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃ | ᠲᠦᠷᠪᠡ᠂ ᠳᠠᠭᠠᠭᠠᠴᠢᠯᠠᠯᠲᠠ ᠵᠠᠷᠯᠠᠬᠤ ᠳᠡᠰ ᠳᠠᠷᠠᠭ᠎ᠠ | 1. ᠰᠤᠳᠤᠯᠭᠠᠨ ᠤ ᠰᠡᠳᠦᠪ ᠭᠤᠶᠤᠴᠢᠯᠠᠭᠴᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ︵http᠄ //www.nmg.gov.cn︶ ᠪᠤᠶᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠬᠤ ᠬᠡᠷ ᠤᠨ | ᠫᠤᠷᠲ᠋ᠧᠯ ᠰᠦᠯᠵᠢᠶ᠎ᠡ ︵http ://www.nmgyj.gov.cn︶ ᠳᠤ ᠭᠠᠷᠴᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ | ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠭᠤᠶᠤᠴᠢᠯᠠᠯ ᠤᠨ ᠪᠢᠴᠢᠭ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ | ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠰᠤᠳᠤᠯᠭᠠᠨ ᠤ ᠬᠦᠲᠦᠯᠪᠦᠷᠢ︾ ︵ᠳᠣᠷᠣᠭᠰᠢ ︽ᠭᠤᠶᠤᠴᠢᠯᠠᠯ ᠤᠨ | ᠪᠢᠴᠢᠭ︾᠂ ︽ᠰᠤᠳᠤᠯᠭᠠᠨ ᠤ ᠬᠥᠲᠥᠯᠪᠦᠷᠢ︾ ᠬᠡᠵᠤ ᠲᠤᠪᠴᠢᠯᠠᠨ᠎ᠠ︶ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ | ᠪᠠᠭᠤᠯᠭᠠᠵᠤ ᠠᠪᠤᠨ᠎ᠠ᠃ | 2. ᠰᠤᠳᠤᠯᠭᠠᠨ ᠤ ᠰᠡᠳᠦᠪ ᠭᠤᠶᠤᠴᠢᠯᠠᠭᠴᠢ ᠡᠷᠬᠡᠪᠰᠢ ︽ᠭᠤᠶᠤᠴᠢᠯᠠᠯ ᠤᠨ ᠪᠢᠴᠢᠭ︾᠂ ︽ | ᠰᠤᠳᠤᠯᠭᠠᠨ ᠤ ᠬᠥᠲᠥᠯᠪᠦᠷᠢ︾ ᠶᠢ ᠦᠨᠡᠨ ᠮᠥᠨ ᠢᠶᠠᠷ ᠲᠠᠭᠯᠠᠨ ᠪᠢᠴᠢᠵᠦ᠂ ᠠᠭᠤᠯᠭ᠎ᠠ ᠶᠢ ᠲᠣᠪᠴᠢ ᠠᠪᠰᠠᠷᠬᠠᠨ᠂ | ᠭᠤᠣᠯᠳᠠᠯᠭ᠎ᠠ ᠶᠢ ᠲᠤᠪᠦ᠋ᠢᠯᠭᠠᠬᠤ ᠬᠡᠷᠡᠭᠲᠡᠶ᠃ ᠡᠭᠦᠨ ᠳᠤ ︽ᠭᠤᠶᠤᠴᠢᠯᠠᠯ ᠤᠨ ᠪᠢᠴᠢᠭ︾ ᠲᠤ ᠡᠷᠬᠡᠪᠰᠢ ᠰᠡᠳᠦᠪ | ᠭᠤᠶᠤᠴᠢᠯᠠᠭᠴᠢ ᠶᠢᠨ ᠪᠠᠶᠢᠭ᠎ᠠ ᠨᠢᠭᠡᠴᠡ ᠪᠠᠷ ᠬᠢᠨᠠᠨ ᠬᠠᠷᠭᠤᠭᠤᠯᠤᠭᠰᠠᠨ ᠰᠠᠨᠠᠯ ᠪᠢᠴᠢᠭᠦᠯᠬᠦ ᠶᠢᠨ ᠬᠠᠮᠲᠤ ᠭᠠᠷ ᠤᠨ | ᠤᠢᠰᠦᠭ ᠵᠢᠷᠤᠭᠤᠯᠵᠤ ᠠᠯᠪᠠᠨ ᠲᠠᠮᠠᠭ᠎ᠠ ᠳᠠᠷᠤᠭᠤᠯᠬᠤ ᠬᠡᠷᠡᠭᠲᠠᠢ︔ ︽ᠰᠤᠳᠤᠯᠭᠠᠨ ᠤ ᠬᠥᠲᠥᠯᠪᠦᠷᠢ︾ ᠳᠤ ᠰᠡᠳᠦᠪ | ᠭᠤᠶᠤᠴᠢᠯᠠᠭᠴᠢ ᠶᠢᠨ ᠤᠪᠦᠬ ᠨᠡᠷ᠎ᠡ᠂ ᠨᠢᠭᠡᠴᠡ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ ᠶᠢ ᠢᠯᠡᠷᠡᠭᠦᠯᠵᠤ | ᠪᠤᠯᠬᠤ ᠦᠭᠡᠢ᠂ ᠲᠡᠶᠢᠮᠦ ᠪᠢᠰᠢ ᠪᠣᠯ ᠭᠤᠶᠤᠴᠢᠯᠠᠯ ᠢ ᠨᠢ ᠬᠦᠴᠦᠨ ᠦᠭᠡᠢ ᠪᠠᠷ ᠰᠢᠢᠳᠪᠦᠷᠢᠯᠡᠨ᠎ᠡ᠃ | 3. ᠰᠡᠳᠦᠪ ᠭᠤᠶᠤᠴᠢᠯᠠᠭᠴᠢ ᠨᠢ ᠳᠠᠭᠠᠭᠠᠴᠢᠯᠠᠯᠲᠠ ᠵᠠᠷᠯᠠᠬᠤ ᠬᠢᠵᠠᠭᠠᠷᠲᠤ ᠬᠤᠭᠤᠴᠠᠭ᠎ᠠ ᠳᠣᠲᠣᠷ᠎ᠠ ︽ | ᠭᠤᠶᠤᠴᠢᠯᠠᠯ ᠤᠨ ᠪᠢᠴᠢᠭ︾ ᠪᠠ ︽ᠰᠤᠳᠤᠯᠭᠠᠨ ᠤ ᠬᠦᠲᠦᠯᠪᠦᠷᠢ︾ ︵ᠲᠤᠰ ᠲᠤᠰ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠤᠰᠤᠭᠠᠷ ᠳᠠᠷᠤᠮᠠᠯᠯᠠᠨ ᠦᠳᠡᠵᠤ᠂ ᠲᠣᠰᠪᠣᠷᠢ ᠨᠢᠭᠡ ᠬᠡᠪ ᠤᠨ 5 ᠬᠤᠪᠢ ᠪᠡᠯᠡᠳᠭᠡᠨ᠎ᠡ︶ ᠶᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠬᠤ ᠬᠡᠷ ᠲᠤ | ᠬᠦᠷᠭᠡᠬᠦ ᠶᠢᠨ ᠬᠠᠮᠲᠤ ᠡᠯᠧᠺᠲᠷᠣᠨ ᠰᠢᠦᠳᠠᠨ ᠢᠶᠠᠷ ᠡᠯᠧᠺᠲᠷᠣᠨ ᠬᠡᠪᠯᠡᠯ ᠤᠨ ᠪᠢᠴᠢᠭ ᠢ ᠮᠡᠳᠡᠭᠦᠯᠦᠨ ᠬᠦᠷᠭᠡᠬᠦ | ᠬᠡᠷᠡᠭᠲᠡᠶ᠃ | 4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠤᠳᠤᠯᠬᠤ ᠬᠡᠷ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠫᠤᠷᠲ᠋ᠧᠯ ᠰᠦᠯᠵᠢᠶ᠎ᠡ ︵http://www.nmg.gov.cn︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠬᠤ ᠬᠡᠷ ᠤᠨ ᠫᠤᠷᠲ᠋ᠧᠯ ᠰᠦᠯᠵᠢᠶ᠎ᠡ ︵http://www. | nmgyj.gov.cn︶ ᠳᠡᠭᠡᠷ᠎ᠡ ᠳᠠᠭᠠᠭᠠᠴᠢᠯᠠᠯᠲᠠ ᠣᠯᠤᠭᠰᠠᠨ ᠦᠷ᠎ᠡ ᠳ᠋ᠦᠩ ᠢ ᠴᠠᠭ ᠲᠤᠬᠠᠶ ᠳᠤᠨᠢ ᠵᠠᠷᠯᠠᠨ | ᠨᠡᠶᠢᠲᠡᠯᠡᠨ᠎ᠡ᠃ ᠨᠡᠶᠢᠲᠡᠯᠡᠭᠰᠡᠨ ᠤ ᠳᠠᠷᠠᠭ᠎ᠠ ᠳᠠᠭᠠᠭᠠᠴᠢᠯᠠᠯᠲᠠ ᠤᠯᠤᠭᠰᠠᠳ ᠬᠢᠭᠡᠳ ᠲᠡᠭᠦᠨ ᠤ ᠪᠠᠶᠢᠭ᠎ᠠ ᠨᠢᠭᠡᠴᠡ ᠳᠤ | ︽ᠳᠠᠭᠠᠭᠠᠴᠢᠯᠠᠯᠲᠠ ᠣᠯᠤᠭᠰᠠᠨ ᠮᠡᠳᠡᠭᠳᠡᠯ ᠤᠨ ᠪᠢᠴᠢᠭ︾ ᠢ ᠶᠠᠪᠤᠭᠤᠯᠤᠨ᠎ᠠ᠃ | ᠲᠠᠪᠤ᠂ ᠬᠠᠷᠢᠯᠴᠠᠬᠤ ᠬᠡᠯᠪᠡᠷᠢ | ᠨᠢᠭᠡᠴᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠤᠳᠤᠯᠬᠤ ᠭᠡᠷ | ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ | ᠵᠡᠭᠡᠯᠢ ᠶᠢᠨ 1 ᠳ᠋ᠦ᠋ᠭᠡᠷ ᠨᠤᠮᠧᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠭᠡᠷ ᠤᠨ | 1246 ᠦᠷᠦᠭᠡ | ᠰᠢᠤᠳᠠᠨ ᠨᠤᠮᠧᠷ᠄ 010098 | ᠬᠠᠷᠢᠯᠴᠠᠬᠤ ᠬᠥᠮᠦᠨ᠄ ᠯᠢ ᠵᠢᠶᠠᠨ ᠵᠢᠶᠦ᠋ᠨ ᠰᠦᠩ ᠬᠠᠶ | ᠤᠲᠠᠰᠤ᠄ 0471-4824535᠂ 4826120 | ᠳᠦᠷᠰᠦᠲᠦ ᠴᠠᠬᠢᠯᠭᠠᠨ᠄ 0471-4824535 | ᠡᠯᠧᠺᠲᠷᠣᠨ ᠰᠢᠦᠳᠠᠨ ᠬᠠᠶᠢᠷᠴᠠᠭ᠄ nmgzfjczx@163.com | ᠳᠠᠭᠠᠯᠳᠤᠭᠤᠯᠤᠯ᠄ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ 2016 ᠣᠨ ᠤ | ᠳᠠᠭᠠᠭᠠᠴᠢᠯᠠᠯᠲᠠ ᠵᠠᠷᠯᠠᠬᠤ ᠰᠤᠳᠤᠯᠭᠠᠨ ᠤ ᠰᠡᠳᠦᠪ ᠤᠨ ᠵᠦᠭᠯᠡᠭᠦᠷ | 2. ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠬᠠᠮᠢᠶᠠᠷᠤᠯᠲᠠ ᠶᠢᠨ | ᠠᠷᠭ᠎ᠠ | 3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠭᠤᠶᠤᠴᠢᠯᠠᠯ ᠤᠨ | ᠪᠢᠴᠢᠭ | 4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠵᠥᠪᠯᠡᠯᠭᠡ ᠥᠭᠬᠦ ᠰᠤᠳᠤᠯᠭᠠᠨ ᠤ ᠰᠡᠳᠦᠪ ᠤᠨ ᠰᠤᠳᠤᠯᠭᠠᠨ ᠤ | ᠬᠥᠲᠥᠯᠪᠦᠷᠢ | ᠡᠭᠦᠨ ᠤ ᠲᠤᠯᠠ ᠤᠨᠴᠠᠭᠠᠶᠢᠯᠠᠨ ᠵᠠᠷᠯᠠᠪᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠬᠤ ᠬᠡᠷ | 2016 ᠤᠨ ᠤ 6 ᠳ᠋ᠤᠭᠠᠷ ᠰᠠᠷ᠎ᠠ ᠶᠢᠨ 6 ᠤ ᠡᠳᠦᠷ | |