ᠪᠦᠬᠦ ᠣᠷᠣᠨ ᠤ ᠭᠢᠨᠳᠠᠨ ᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/6/8
     6 ᠳ᠋ᠤᠭᠠᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠭᠢᠨᠳᠠᠨ ᠤ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠭᠢᠨᠳᠠᠨ ᠤ ᠬᠤᠣᠷ ᠲᠠᠲᠠᠬᠤ ᠶᠢ ᠵᠣᠭᠰᠣᠭᠠᠬᠤ ᠭᠠᠵᠠᠷ ᠲᠠᠯᠠᠪᠤᠷ ᠤᠨ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠠᠭᠠᠵᠠᠲᠠᠶ ᠡᠳ᠋ ᠪᠣᠳᠠᠰ ᠢ ᠴᠡᠪᠡᠷᠯᠡᠨ ᠲᠤᠰᠢᠶᠠᠬᠤ ᠪᠠ ᠴᠣᠬᠢᠯᠲᠠ ᠦᠭᠬᠦ ᠲᠤᠰᠬᠠᠶ ᠠᠵᠢᠯᠯᠠᠭ᠎ᠠ ᠶᠢᠨ ᠤᠯᠤᠭᠰᠠᠨ ᠦᠷ᠎ᠡ ᠪᠦᠲᠦᠭᠡᠯ ᠪᠠ ᠣᠷᠣᠰᠢᠵᠤ ᠪᠠᠶᠢᠭ᠎ᠠ ᠠᠰᠠᠭᠤᠳᠠᠯ ᠢ ᠳ᠋ᠦᠩᠨᠡᠵᠦ᠂ ᠤᠳᠠᠯ ᠦᠭᠡᠢ ᠥᠷᠨᠢᠭᠦᠯᠬᠦ ᠭᠡᠵᠦ ᠪᠠᠶᠢᠭ᠎ᠠ ᠪᠦᠬᠦ ᠣᠷᠣᠨ ᠤ ᠬᠢᠨᠳᠠᠨ ᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠪᠣᠯᠤᠨ ᠭᠢᠨᠳᠠᠨ ᠤ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠴᠡᠭᠴᠡᠯᠡᠵᠦ᠂ ᠶᠠᠯᠠᠲᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ᠂ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ ᠵᠧᠦ ᠯᠢ ᠮᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠠᠶ᠂ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ᠂ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠰᠢᠦᠢ ᠬᠤᠩ ᠭᠤᠸᠠᠩ ᠬᠤᠷᠠᠯ ᠢ ᠡᠷᠬᠢᠯᠡᠵᠦ᠂ ᠭᠢᠨᠳᠠᠨ ᠤ ᠬᠠᠮᠢᠶᠠᠷᠤᠯᠲᠠ ᠶᠢᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠳᠡᠳ᠋ ᠲᠣᠭᠤᠷᠢᠨ ᠪᠠᠶᠢᠴᠠᠭᠠᠭᠴᠢ᠂ ᠪᠠᠶᠢᠭᠤᠯᠭ᠎ᠠ ᠶᠢᠨ ᠪᠦᠬᠦ ᠠᠷᠠᠳ ᠤᠨ ᠴᠠᠭᠳᠠᠭ᠎ᠠ ᠬᠤᠷᠠᠯ ᠤᠨ ᠭᠤᠣᠯ ᠲᠠᠯᠠᠪᠠᠢ ᠳᠤ ᠬᠤᠷᠠᠯ ᠳᠤ ᠤᠷᠤᠯᠴᠠᠪᠠ᠂ ᠡᠯ᠎ᠡ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠤᠯᠪᠣᠭᠳᠠᠯ ᠪᠦᠬᠦᠢ ᠰᠠᠯᠠᠭ᠎ᠠ ᠬᠡᠯᠲᠡᠰ᠂ ᠭᠢᠨᠳᠠᠨ ᠤ ᠲᠤᠭᠤᠷᠢᠭ ᠤᠨ ᠬᠠᠷᠢᠭᠤᠴᠠᠯᠭᠠᠲᠠᠨ ᠨᠠᠷ ᠡᠯ᠎ᠡ ᠨᠢᠭᠡᠴᠡ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠶ᠃      ᠲᠢᠩᠬᠢᠮ ᠤᠨ ᠳᠠᠷᠤᠭ᠎ᠠ ᠵᠧᠤ ᠯᠢ ᠮᠢᠩ ᠪᠦᠬᠦ ᠤᠯᠤᠰ ᠤᠨ ᠭᠢᠨᠳᠠᠨ ᠤ ᠬᠤᠣᠷ ᠲᠠᠲᠠᠬᠤ ᠶᠢ ᠵᠣᠭᠰᠣᠭᠠᠬᠤ ᠭᠠᠵᠠᠷ ᠲᠠᠯᠠᠪᠤᠷ ᠤᠨ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠭᠢᠨᠳᠠᠨ ᠤ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠲᠣᠳᠣᠷᠬᠠᠶ ᠰᠠᠨᠠᠯ ᠳᠤᠷᠠᠳᠪᠠ᠄ ᠨᠢᠭᠡ ᠳᠤ ᠭᠢᠨᠳᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠨ ᠴᠢᠩᠭᠠᠳᠬᠠᠬᠤ ᠬᠡᠷᠡᠭᠲᠡᠢ᠃ ᠬᠤᠶᠠᠷ ᠲᠤ ᠭᠢᠨᠳᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠦᠬᠦ ᠬᠦᠴᠦ ᠪᠠᠷ ᠢᠶᠠᠨ ᠴᠢᠩᠭᠠᠳᠬᠠᠬᠤ ᠬᠡᠷᠡᠭᠲᠡᠶ᠃ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠰᠡᠷᠭᠡᠶᠢᠯᠡᠨ ᠬᠢᠵᠠᠭᠠᠷᠯᠠᠬᠤ ᠶᠢ ᠦᠨᠡᠨ ᠬᠦ ᠰᠠᠶᠢᠲᠤᠷ ᠬᠢᠬᠦ ᠬᠡᠷᠡᠭᠲᠡᠶ︔ ᠭᠢᠨᠳᠠᠨ ᠤ ᠶᠠᠯᠠᠲᠠᠨ ᠤ ᠪᠠᠶᠢᠳᠠᠯ ᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠢ ᠦᠨᠡᠨ ᠬᠦ ᠠᠷᠢᠯᠭᠠᠬᠤ ᠬᠡᠷᠡᠭᠲᠡᠶ︔ ᠰᠤᠷᠭᠠᠨ ᠬᠦᠮᠦᠵᠢᠭᠦᠯᠦᠨ ᠦᠭᠡᠷᠡᠴᠢᠯᠡᠬᠦ ᠶᠢ ᠴᠢᠩᠭᠠᠳᠬᠠᠵᠤ᠂ ᠰᠡᠳᠬᠢᠯ ᠢ ᠨᠢ ᠬᠦᠨᠳᠡᠬᠦ ᠦᠨᠳᠦᠰᠦ ᠠᠴᠠ ᠨᠢ ᠵᠠᠰᠠᠬᠤ ᠴᠢᠳᠠᠮᠵᠢ ᠶᠢ ᠦᠡᠨᠡ ᠬᠦ ᠪᠠᠳᠠᠷᠠᠭᠤᠯᠬᠤ ᠬᠡᠷᠡᠭᠲᠡᠢ︔ ᠬᠠᠤᠯᠢ ᠬᠡᠷᠡᠭᠵᠢᠭᠦᠯᠦᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠢᠨᠳᠠᠨ ᠤ ᠬᠠᠤᠯᠢ ᠬᠡᠷᠡᠭᠵᠢᠭᠦᠯᠬᠦ ᠠᠵᠢᠯ ᠤᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠦᠨᠡᠨ ᠬᠦ ᠬᠠᠮᠠᠭᠠᠯᠠᠬᠤ ᠬᠡᠷᠡᠭᠲᠡᠶ︔ ᠲᠦᠷᠢᠮ ᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠮᠤᠷ ᠲᠦᠪᠰᠢᠨ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ︔ ᠠᠮᠢᠳᠤᠷᠠᠯ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢ ᠴᠢᠩᠭᠠᠳᠬᠠᠵᠤ᠂ ᠶᠡᠯᠡᠳᠡᠠ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ︔ ᠳᠣᠲᠣᠭᠠᠳᠤ ᠡᠵᠡᠮᠳᠡᠯ ᠭᠠᠳᠠᠨ᠎ᠠ ᠰᠡᠷᠭᠡᠶᠢᠯᠡᠯᠲᠡ ᠪᠠᠨ ᠴᠢᠩᠭᠠᠳᠬᠠᠵᠤ᠂ ᠬᠦᠴᠦᠷᠬᠡᠭᠯᠡᠯ ᠰᠦᠷᠳᠡᠭᠦᠯᠦᠯ ᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠭᠤᠷᠪᠠ ᠳᠤ ᠭᠢᠨᠳᠠᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠮᠠᠨ ᠤ ᠤᠷᠤᠨ ᠤ ᠭᠢᠨᠳᠠᠨ ᠤ ᠰᠢᠰᠲ᠋ᠧᠮ ᠤᠨ ᠬᠦᠮᠦᠨ ᠤ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ᠂ ᠪᠤᠳᠠᠰ ᠤᠨ ᠰᠡᠷᠭᠡᠶᠢᠯᠡᠯᠲᠡ ᠪᠠ ᠵᠠᠷᠤᠳᠠᠯ ᠤᠨ ᠪᠠᠲᠤᠯᠠᠭ᠎ᠠ ᠵᠡᠷᠭᠡ ᠲᠠᠯ᠎ᠠ ᠶᠢᠨ ᠬᠦᠴᠢᠷ ᠪᠡᠷᠬᠡᠰᠢᠶᠡᠯ ᠪᠠ ᠬᠦᠷᠦᠯᠴᠡᠬᠦ ᠦᠭᠡᠢ ᠲᠠᠯ᠎ᠠ ᠶᠢ ᠭᠦᠨᠵᠡᠭᠡᠶ ᠵᠠᠳᠠᠯᠤᠨ ᠰᠢᠨᠵᠢᠯᠡᠬᠦ ᠶᠢᠨ ᠬᠠᠮᠲᠤ ᠴᠢᠭᠯᠡᠭᠦᠯᠬᠦ ᠴᠢᠨᠠᠷᠲᠠᠶ ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ᠃ ᠲᠦᠷᠪᠡ ᠳᠤ ᠭᠢᠨᠳᠠᠨ ᠤ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠤᠳᠤᠷᠢᠳᠤᠯᠭ᠎ᠠ ᠪᠠ ᠪᠦᠬᠦ ᠠᠵᠢᠯᠲᠠᠳ ᠤᠨ ᠬᠠᠷᠢᠭᠤᠴᠠᠯᠭ᠎ᠠ ᠵᠢᠴᠢ ᠡᠩᠨᠡᠭᠡᠨ ᠤ ᠪᠠᠶᠢᠭᠤᠯᠤᠯᠲᠠ᠂ ᠶᠠᠷᠢᠶ᠎ᠠ ᠬᠡᠯᠡᠯᠴᠡᠭᠡ ᠶᠢ ᠰᠢᠢᠳᠪᠦᠷᠢᠯᠡᠬᠦ ᠶᠢ ᠡᠷᠴᠢᠮᠲᠡᠢ ᠠᠳᠬᠤᠬᠤ ᠬᠡᠷᠡᠭᠲᠡᠢ᠃      ᠲᠣᠪᠴᠢᠶᠠᠨ ᠳᠠᠷᠤᠭ᠎ᠠ ᠰᠢᠦᠢ ᠬᠤᠩ ᠭᠤᠸᠠᠩ ᠵᠢᠭᠠᠭᠰᠠᠨ ᠨᠢ᠂ 100 ᠡᠳᠦᠷ ᠤᠨ ᠬᠤᠭᠤᠴᠠᠭ᠎ᠠ ᠲᠠᠢ ᠴᠠᠭᠠᠵᠠᠲᠠᠶ ᠡᠳ᠋ ᠪᠣᠳᠠᠰ ᠢ ᠴᠡᠪᠡᠷᠯᠡᠨ ᠲᠤᠰᠢᠶᠠᠬᠤ ᠪᠠ ᠴᠣᠬᠢᠯᠲᠠ ᠦᠭᠬᠦ ᠲᠤᠰᠬᠠᠶ ᠠᠵᠢᠯᠯᠠᠭ᠎ᠠ ᠨᠢ ᠠᠷᠠᠳ ᠤᠨ ᠴᠠᠭᠳᠠᠭᠠᠨ ᠤ ᠡᠩᠨᠡᠭᠡ ᠶᠢ ᠰᠢᠯᠭᠠᠨ ᠦᠵᠡᠵᠦ᠂ ᠲᠣᠭᠲᠠᠭᠠᠯ ᠢ ᠵᠥᠷᠢᠴᠡᠭᠰᠡᠨ ᠶᠠᠯᠠᠲᠠᠨ ᠢ ᠰᠢᠳᠬᠡᠵᠦ᠂ ᠭᠢᠨᠳᠠᠨ ᠤ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠴᠡᠭᠴᠡᠯᠡᠵᠦ᠂ ᠵᠢᠱᠢᠭᠰᠡᠨ ᠵᠣᠷᠢᠯᠭ᠎ᠠ ᠳᠠᠭᠠᠨ ᠬᠦᠷᠴᠦ ᠴᠢᠳᠠᠵᠠᠶ᠂ ᠭᠡᠪᠡᠴᠦ ᠪᠠᠰᠠ ᠣᠮᠲᠣᠭᠠᠶᠢᠯᠠᠵᠤ ᠪᠣᠯᠤᠰᠢ ᠦᠬᠡᠢ ᠲᠤᠪᠤᠶᠢᠮ᠎ᠠ ᠠᠰᠠᠭᠤᠳᠠᠯ ᠣᠷᠣᠰᠢᠵᠤ ᠪᠠᠶᠢᠬᠤ ᠶᠢ ᠵᠥᠪ ᠲᠠᠯ᠎ᠠ ᠠᠴᠠ ᠠᠷᠭᠠᠴᠠᠬᠤ ᠴᠢᠬᠤᠯᠠᠲᠠᠶ ᠪᠠᠶᠢᠨ᠎ᠠ᠃ ᠭᠢᠨᠳᠠᠨ ᠤ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠴᠡᠭᠴᠡᠯᠡᠬᠦ᠂ ᠶᠠᠯᠠᠲᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢ ᠦᠷᠨᠢᠭᠦᠯᠬᠦ ᠦᠨᠡᠨᠬᠦ ᠴᠢᠬᠤᠯᠠᠲᠠᠶ ᠪᠣᠯᠣᠭᠠᠳ ᠪᠠᠶᠢᠨ᠎ᠠ᠂ ︽ᠲᠠᠪᠤᠨ ᠬᠠᠮᠤᠭ ᠤᠨ ᠴᠢᠩᠭ᠎ᠠ︾ ᠠᠵᠢᠯ ᠤᠨ ᠪᠠᠷᠢᠮᠵᠢᠶ᠎ᠠ ᠶᠣᠰᠣᠭᠠᠷ᠂ ᠲᠠᠯᠳᠠ ᠭᠡᠮ ᠢ ᠬᠠᠮᠤᠭ ᠤᠨ ᠨᠢᠭᠲᠠ ᠵᠢᠭᠰᠠᠭᠠᠨ ᠪᠠᠶᠢᠴᠠᠭᠠᠵᠤ᠂ ᠠᠵᠢᠯᠯᠠᠭ᠎ᠠ ᠶᠢᠨ ᠵᠢᠷᠤᠮᠵᠢᠯ ᠢ ᠬᠠᠮᠤᠭ ᠤᠨ ᠨᠢᠮᠪᠠᠶ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠬᠢᠵᠠᠭᠠᠷᠯᠠᠯ ᠢ ᠬᠠᠮᠤᠭ ᠤᠨ ᠴᠢᠩᠭ᠎ᠠ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠵᠥᠷᠢᠴᠡᠭᠰᠡᠨ ᠰᠢᠳᠬᠡᠯ ᠢ ᠬᠠᠮᠤᠭ ᠤᠨ ᠴᠢᠩᠭ᠎ᠠ ᠬᠡᠷᠡᠭᠵᠢᠭᠦᠯᠵᠦ᠂ ᠬᠠᠷᠢᠭᠤᠴᠠᠯᠭ᠎ᠠ ᠨᠡᠬᠡᠮᠵᠢᠯᠡᠬᠦ ᠶᠢ ᠬᠠᠮᠤᠭ ᠤᠨ ᠴᠢᠩᠭ᠎ᠠ ᠦᠷᠨᠢᠭᠦᠯᠵᠦ᠂ ᠠᠵᠢᠯᠯᠠᠭᠠᠨ ᠢ ᠵᠢᠱᠢᠭᠰᠡᠨ ᠵᠣᠷᠢᠯᠭ᠎ᠠ ᠳᠤᠨᠢ ᠬᠦᠷᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号