2016 ᠣᠨ ᠤ ᠪᠦᠬᠦ ᠤᠯᠤᠰ ᠤᠨ ᠰᠦᠯᠵᠢᠶᠡᠨ ᠤ ᠵᠠᠭᠤᠴᠢᠯᠠᠭᠤᠷ ᠤᠨ ᠥᠪᠥᠷ ᠮᠣᠩᠭᠤᠯ ᠳᠠᠬᠢ ᠠᠶᠠᠯᠠᠯ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2016/7/11
         7 ᠳ᠋ᠤᠭᠠᠷ ᠰᠠᠷ᠎ᠠ ᠶᠢᠨ 4᠎ ᠤ ᠡᠳᠦᠷ ᠠᠴᠠ 7 ᠳ᠋ᠤᠭᠠᠷ ᠰᠠᠷ᠎ᠠ ᠶᠢᠨ 8᠎ ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠲᠠᠯ᠎ᠠ ᠨᠤᠲᠤᠭ ᠵᠠᠭᠤᠴᠢᠯᠠᠭᠤᠷ ᠂ ᠵᠧᠩ ᠪᠧᠢ ᠹᠠᠩ ᠰᠦᠯᠵᠢᠶ᠎ᠡ ᠶᠢᠨ ᠳᠠᠭᠠᠭᠠᠨ ᠡᠷᠭᠢᠯᠡᠭᠰᠡᠨ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠦᠵᠡᠮᠵᠢᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ 2016 ᠣᠨ ᠤ ᠪᠦᠬᠦ ᠤᠯᠤᠰ ᠤᠨ ᠰᠦᠯᠵᠢᠶᠡᠨ ᠤ ᠵᠠᠭᠤᠴᠢᠯᠠᠭᠤᠷ ᠤᠨ ᠥᠪᠥᠷ ᠮᠣᠩᠭᠤᠯ ᠳᠠᠬᠢ ᠠᠶᠠᠯᠠᠯ ᠤᠨ ᠠᠵᠢᠯᠯᠠᠭ᠎ᠠ ᠨᠢ ᠤᠷᠢᠳ ᠬᠤᠵᠢᠳ ᠬᠥᠬᠡᠬᠤᠲᠠ ᠶᠢᠨ ᠬᠤᠷᠢᠨᠭᠡᠷ ᠰᠢᠶᠠᠨ᠂ ᠮᠧᠩ ᠨᠢᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠤᠯᠠᠭᠠᠨᠴᠠᠪ ᠬᠤᠲᠠ ᠶᠢᠨ ᠵᠦᠸᠧᠽᠢ ᠰᠢᠶᠠᠨ᠂ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠢᠯᠤᠭᠤᠨ ᠬᠥᠬᠡ ᠬᠤᠰᠢᠭᠤ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ ᠪᠠᠷ  ᠠᠶᠠᠯᠠᠵᠤ᠂ ᠨᠠᠷᠢᠨ ᠭᠦᠨᠵᠡᠭᠡᠶ ᠰᠤᠷᠪᠤᠯᠵᠢᠯᠠᠭ᠎ᠠ ᠬᠢᠭᠰᠡᠨ ᠪᠠᠶᠢᠨ᠎ᠠ᠃ ᠠᠷᠠᠳ ᠤᠨ ᠰᠦᠯᠵᠢᠶ᠎ᠡ᠂ ᠰᠢᠨᠬᠤᠸᠠ ᠰᠦᠯᠵᠢᠶ᠎ᠡ᠂ ᠳᠤᠮᠳᠠᠳᠤ ᠤᠯᠤᠰ ᠤᠨ ᠡᠳᠦᠷ ᠤᠨ ᠰᠣᠨᠢᠨ ᠤ ᠰᠦᠯᠵᠢᠶ᠎ᠡ᠂ ᠲᠥᠪ ᠷᠠᠳᠢᠣ᠋ ᠰᠦᠯᠵᠢᠶ᠎ᠡ᠂ ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ᠂ ᠣᠯᠠᠨ ᠤᠯᠤᠰ ᠤᠨ ᠤᠲᠠᠰᠤᠨ ᠰᠦᠯᠵᠢᠶ᠎ᠡ᠂ ᠪᠠᠷᠠᠭᠤᠨ ᠬᠡᠰᠡᠭ ᠤᠨ ᠰᠦᠯᠵᠢᠶ᠎ᠡ᠂ ᠳᠣᠷᠣᠨᠠᠳᠠᠬᠢᠨ ᠤ ᠰᠦᠯᠵᠢᠶ᠎ᠡ ᠵᠡᠷᠭᠡ ᠪᠦᠬᠦ ᠤᠯᠤᠰ ᠤᠨ 58 ᠭᠤᠣᠯ ᠭᠤᠣᠯ ᠰᠣᠨᠢᠨ ᠮᠡᠳᠡᠭᠡᠨ ᠤ ᠰᠦᠯᠵᠢᠶ᠎ᠡ ᠪᠣᠯᠤᠨ ᠨᠡᠷᠡᠳᠤ ᠬᠤᠳᠠᠯᠳᠤᠭᠠᠨ ᠤ ᠰᠦᠯᠵᠢᠶᠡᠨ ᠤ ᠶᠡᠷᠦᠩᠬᠡᠶ ᠵᠠᠬᠢᠷᠤᠯ ᠪᠠ ᠰᠤᠷᠪᠤᠯᠵᠢᠯᠠᠨ ᠨᠠᠶᠢᠷᠠᠭᠤᠯᠬᠤ ᠬᠥᠮᠦᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠦᠭᠰᠡᠨ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢᠶᠠᠷ ᠭᠤᠣᠯ ᠰᠢᠵᠢᠮ ᠪᠣᠯᠭᠠᠵᠤ᠂ ᠥᠪᠥᠷ ᠮᠣᠩᠭᠤᠯ ᠢᠶᠠᠷ ᠲᠣᠭᠤᠷᠢᠵᠤ᠂ ᠥᠪᠥᠷ ᠮᠣᠩᠭᠤᠯ ᠢ ᠣᠶᠢᠯᠠᠭᠠᠵᠤ᠂ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠠᠴᠠ ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠦᠭᠰᠡᠨ ᠯᠤᠲᠤ ᠶᠡᠭᠡ ᠬᠤᠪᠢᠷᠠᠯᠲᠠ ᠶᠢ ᠪᠡᠶ᠎ᠡ ᠪᠠᠷ ᠢᠶᠠᠨ ᠣᠶᠢᠯᠠᠭᠠᠪᠠ᠃     5 ᠡᠳᠦᠷ ᠤᠨ ᠵᠠᠭᠤᠴᠢᠯᠠᠭᠤᠷ ᠤᠨ ᠠᠶᠠᠨ ᠳᠤ᠂ ᠰᠦᠯᠵᠢᠶᠡᠨ ᠤ ᠵᠠᠭᠤᠴᠢ ︵ᠵᠠᠭᠤᠴᠢᠯᠠᠭᠤᠷ︶᠎ ᠶᠢᠨ ᠰᠤᠷᠪᠤᠯᠵᠢᠯᠠᠭᠴᠢ 1000 ᠭᠠᠷᠤᠶ ᠺᠢᠯᠣᠮᠧᠲᠷ ᠵᠠᠮ ᠠᠶᠠᠯᠠᠵᠤ᠂ ᠬᠥᠬᠡᠬᠤᠲᠠ᠂ ᠤᠯᠠᠭᠠᠨᠴᠠᠪ ᠬᠤᠲᠠ᠂ ᠰᠢᠯᠢ ᠶᠢᠨ ᠭᠤᠣᠯ ᠠᠶᠢᠮᠠᠭ ᠪᠠ ᠤᠯᠠᠭᠠᠨᠬᠠᠳᠠ ᠬᠤᠲᠠ ᠶᠢᠨ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠭᠤᠯᠤᠯᠲᠠ ᠶᠢᠨ ᠪᠠᠶᠢᠳᠠᠯ ᠢ ᠰᠤᠷᠪᠤᠯᠵᠢᠯᠠᠪᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠨᠤᠲᠤᠭ ᠠᠭᠤᠳᠠᠮ ᠪᠣᠯᠬᠤᠷ᠂ ᠰᠦᠯᠵᠢᠶᠡᠨ ᠤ ᠵᠠᠭᠤᠴᠢ ᠰᠤᠷᠪᠤᠯᠵᠢᠯᠠᠭᠴᠢ ᠨᠠᠷ ᠡᠳᠦᠷ ᠰᠥᠨᠢ ᠦᠭᠡᠢ ᠠᠶᠠᠯᠠᠵᠤ᠂ ᠬᠡᠳᠦᠨ ᠡᠳᠦᠷ ᠤᠨ ᠲᠤᠷᠰᠢ ᠰᠤᠷᠪᠤᠯᠵᠢᠯᠠᠭᠴᠢ ᠦᠳᠡ ᠶᠢᠨ ᠬᠤᠢᠨ᠎ᠠ 3 ᠴᠠᠭ ᠲᠤ ᠦᠳᠡ ᠶᠢᠨ ᠬᠤᠭᠤᠯᠠ ᠢᠳᠡᠵᠦ᠂ ᠤᠷᠤᠢ ᠶᠢᠨ 9 ᠴᠠᠭ ᠲᠤ ᠣᠷᠣᠢ ᠶᠢᠨ ᠬᠤᠭᠤᠯᠠ ᠵᠣᠭᠤᠭᠯᠠᠨ᠂ ᠨᠣᠶᠢᠷ ᠬᠦᠷᠪᠡᠯ ᠲᠡᠷᠭᠡᠨ ᠳᠡᠭᠡᠷ᠎ᠡ ᠪᠠᠨ ᠳᠤᠭ ᠬᠢᠭᠰᠡᠭᠡᠷ ᠢᠷᠡᠪᠡ᠃ ᠭᠡᠪᠡᠴᠦ ᠮᠠᠯᠵᠢᠬᠤ ᠲᠠᠷᠢᠶᠠᠯᠠᠬᠤ ᠣᠷᠣᠨ ᠤ ᠭᠠᠴᠠᠭ᠎ᠠ ᠲᠣᠰᠬᠤᠨ ᠳᠤ ᠣᠴᠢᠬᠤ ᠪᠦᠷᠢ᠂ ᠮᠥᠷ ᠮᠥᠷ ᠵᠢᠭᠳᠡᠷᠡᠬᠦ ᠤᠯᠠᠭᠠᠨ ᠲᠣᠭᠤᠰᠬᠠᠨ ᠬᠡᠷ ᠂ ᠳᠡᠪ ᠲᠡᠭᠰᠢᠬᠡᠨ ᠱᠦᠢᠨᠢ ᠵᠠᠮ ᠵᠢᠴᠢ ᠪᠡᠯᠡᠳᠬᠡᠮᠵᠢ ᠪᠦᠷᠢᠨ ᠰᠣᠶᠣᠯ ᠤᠨ ᠠᠭᠤᠳᠠᠮ ᠲᠠᠯᠠᠪᠠᠶ ᠵᠡᠷᠭᠡ ᠨᠢ ᠴᠥᠮ ᠰᠤᠷᠪᠤᠯᠵᠢᠯᠠᠭ᠎ᠠ ᠶᠢᠨ ᠪᠦᠯᠬᠦᠮ ᠤᠨ ᠰᠤᠷᠪᠤᠯᠵᠢᠯᠠᠭᠴᠢ ᠨᠠᠷ ᠤᠨ ᠪᠠᠬ᠎ᠠ ᠶᠢ ᠲᠠᠲᠠᠵᠤ᠂ ︽ᠠᠷᠪᠠ ᠶᠢ ᠪᠦᠷᠢᠨ ᠪᠦᠷᠬᠦᠭᠦᠯᠦᠭᠰᠡᠨ︾᠎ ᠨᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠭᠡᠷᠡᠯ ᠵᠢᠷᠤᠭ ᠤᠨ ᠮᠠᠰᠢᠨ ᠢᠶᠠᠷ ᠢᠶᠠᠨ ᠰᠡᠭᠦᠳᠡᠷᠯᠡᠵᠦ ᠭᠤᠶᠣ ᠰᠠᠶᠢᠬᠠᠨ ᠦᠵᠡᠮᠵᠢ ᠨᠦᠭᠦᠳ ᠢ ᠵᠠᠯᠭ᠎ᠠ ᠵᠠᠯᠭ᠎ᠠ ᠪᠠᠷ ᠠᠪᠴᠤ ᠪᠠᠶᠢᠯ᠎ᠠ᠃      7 ᠳ᠋ᠤᠭᠠᠷ ᠰᠠᠷ᠎ᠠ ᠶᠢᠨ 8᠎ ᠤ ᠡᠳᠦᠷ ᠤᠨ 18 ᠴᠠᠭ ᠪᠣᠯᠲᠠᠯ᠎ᠠ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ  ᠦᠵᠡᠮᠵᠢᠲᠦ ᠰᠠᠶᠢᠬᠠᠨ ᠬᠥᠳᠡᠭᠡ ᠲᠣᠰᠬᠤᠨ ᠤ ᠠᠶᠠᠯᠠᠯ︾ 2016 ᠣᠨ ᠤ ᠪᠦᠬᠦ ᠤᠯᠤᠰ ᠤᠨ ᠰᠦᠯᠵᠢᠶᠡᠨ ᠤ ᠵᠠᠭᠤᠴᠢᠯᠠᠭᠤᠷ ᠤᠨ ᠥᠪᠥᠷ ᠮᠣᠩᠭᠤᠯ ᠳᠠᠬᠢ ᠠᠶᠠᠯᠠᠯ ᠤᠨ ᠠᠵᠢᠯᠯᠠᠭ᠎ᠠ ᠳᠤ ᠣᠷᠣᠯᠴᠠᠭᠰᠠᠨ 58 ᠡᠷᠦᠬᠡ ᠰᠦᠯᠵᠢᠶᠡᠨ ᠵᠠᠭᠤᠴᠢᠯᠠᠭᠤᠷ ᠤᠨ ᠬᠢᠨ ᠵᠢᠷᠤᠭ᠂ ᠬᠠᠷᠠᠭᠠᠨ ᠳᠠᠪᠲᠠᠮᠵᠢ ᠵᠡᠷᠭᠡ ᠤᠯᠠᠨ ᠵᠦᠢᠯ ᠤᠨ ᠬᠡᠯᠪᠡᠷᠢ ᠪᠠᠷ ᠥᠪᠡᠷ ᠥᠪᠡᠷ ᠤᠨ ᠬᠠᠷᠢᠶ᠎ᠠ ᠰᠦᠯᠵᠢᠶ᠎ᠡ᠂ ᠬᠡᠷᠡᠭᠯᠡᠭᠴᠢ ᠶᠢᠨ ᠲᠠᠪᠴᠠᠩ᠂ ᠠᠯᠪᠠᠨ ᠤ ᠪᠢᠴᠢᠯ ᠮᠡᠳᠡᠭᠡ᠂ ᠪᠢᠴᠢᠯ ᠪᠯᠤᠭ ᠳᠡᠭᠡᠷ᠎ᠡ ᠪᠠᠨ 967 ᠵᠣᠬᠢᠶᠠᠯ ᠡᠬᠡ ᠪᠢᠴᠢᠭ ᠨᠡᠶᠢᠲᠡᠯᠡᠵᠦ᠂ 12 ᠲᠤᠰᠬᠠᠢ ᠫᠷᠦᠭᠷᠠᠮ ᠦᠢᠯᠡᠳᠪᠡ᠃      ᠲᠤᠰ ᠤᠳᠠᠭᠠᠨ ᠤ ᠠᠵᠢᠯᠯᠠᠭ᠎ᠠ ᠨᠢ ᠲᠣᠣᠷ ᠰᠦᠯᠵᠢᠶ᠎ᠡ ᠶᠢᠨ ᠤᠯᠠᠮᠵᠢᠯᠠᠨ ᠲᠠᠷᠬᠠᠭᠠᠬᠤ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠢᠭᠰᠡᠨ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠬᠢ ᠢᠳᠡᠪᠬᠢᠲᠡᠶ ᠠᠮᠵᠢᠯᠲᠠ ᠪᠦᠲᠦᠮᠵᠢ ᠪᠠ ᠥᠪᠡᠷᠮᠢᠴᠡ ᠣᠨᠴᠠᠯᠢᠭ ᠪᠦᠬᠦᠢ ᠵᠢᠭᠤᠯᠴᠢᠯᠠᠯ ᠤᠨ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠲᠥᠪᠯᠡᠷᠡᠭᠦᠯᠦᠨ ᠲᠤᠰᠬᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号