ᠣᠶᠢᠷ᠎ᠠ ᠳᠤ᠂ ︽ᠭᠠᠭᠴᠠ ᠴᠣᠩᠬᠤ︾ ᠶᠢᠨ ᠵᠠᠭᠪᠤᠷᠰᠢᠯ ᠨᠢ ᠤᠷᠳᠤᠰ ᠬᠤᠳᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠲᠤ ᠵᠢᠩᠬᠢᠨᠢ ᠪᠠᠷ ᠬᠡᠷᠡᠭᠯᠡᠯᠲᠡ ᠳᠤ ᠤᠷᠤᠪᠠ᠂ ᠡᠨᠡ ᠨᠢ ᠣᠷᠳᠣᠰ ᠬᠤᠲᠠ | ᠪᠦᠬᠦ ᠣᠷᠣᠨ ᠳᠤ ᠬᠠᠮᠤᠭ ᠤᠨ ᠲᠡᠷᠢᠭᠦᠨ ᠳᠤ ︽ᠭᠠᠭᠴᠠ ᠴᠣᠩᠬᠤ︾ ᠶᠢ ᠪᠥᠬᠦ ᠲᠠᠯ᠎ᠠ ᠪᠠᠷ ᠬᠡᠷᠡᠭᠵᠢᠬᠦᠯᠦᠭᠰᠡᠨ ᠢ | ᠬᠠᠷᠠᠭᠤᠯᠪᠠ᠃ | ᠣᠶᠢᠯᠠᠭᠠᠭᠰᠠᠨ ᠢᠶᠠᠷ᠂ ᠣᠷᠳᠣᠰ ᠬᠤᠲᠠ ᠶᠢᠨ ︽ᠭᠠᠭᠴᠠ ᠴᠣᠩᠬᠤ︾ ᠵᠠᠭᠪᠤᠷᠰᠢᠯ ᠨᠢ ︽ᠭᠤᠷᠪᠠ ᠶᠢ | ᠨᠢᠭᠡᠳᠦᠬᠦᠯᠵᠤ᠂ ᠲᠦᠷᠪᠡ ᠶᠢ ᠰᠠᠯᠭᠠᠬᠤ︾ ︵ᠨᠢᠭᠡᠳᠦᠯᠲᠠᠢ ᠶᠠᠷᠦᠩᠭᠡᠶᠢᠯᠡᠨ ᠬᠦᠯᠢᠶᠡᠨ ᠠᠪᠴᠤ ᠰᠢᠢᠳᠪᠦᠷᠢᠯᠡᠬᠦ᠂ | ᠨᠢᠭᠡᠳᠦᠯᠲᠡᠶ ᠲᠦᠷᠦᠯᠵᠢᠭᠦᠯᠦᠨ ᠬᠢᠨᠠᠨ ᠵᠥᠪᠰᠢᠶᠡᠷᠡᠬᠦ᠂ ᠨᠢᠭᠡᠳᠦᠯᠲᠡᠶ ᠴᠣᠩᠬᠤ ᠪᠠᠷ ᠮᠠᠲ᠋ᠧᠷᠢᠶᠠᠯ ᠦᠭᠭᠦ᠂ ᠬᠢᠨᠠᠨ | ᠵᠥᠪᠰᠢᠶᠡᠷᠡᠬᠦ ᠪᠠ ᠶᠡᠷᠦᠩᠭᠡᠶᠢᠯᠡᠨ ᠬᠦᠯᠢᠶᠡᠨ ᠠᠪᠴᠤ ᠰᠢᠢᠳᠪᠦᠷᠢᠯᠡᠬᠦ ᠶᠢ ᠰᠠᠯᠭᠠᠬᠤ᠂ ᠬᠢᠨᠠᠨ ᠵᠥᠪᠰᠢᠶᠡᠷᠡᠬᠦ ᠪᠠ | ᠲᠤᠬᠠᠢ ᠶᠢᠨ ᠲᠠᠯᠠᠪᠠᠢ ᠳᠤ ᠬᠠᠶᠢᠨ ᠪᠠᠶᠢᠴᠠᠭᠠᠬᠤ ᠶᠢ ᠰᠠᠯᠭᠠᠬᠤ᠂ ᠬᠢᠨᠠᠨ ᠵᠥᠪᠰᠢᠶᠡᠷᠡᠬᠦ ᠪᠠ ᠬᠢᠨᠠᠯᠲᠠ ᠲᠠᠯᠪᠢᠵᠤ | ᠬᠠᠮᠢᠶᠠᠷᠬᠤ ᠶᠢ ᠰᠠᠯᠭᠠᠬᠤ᠂ ᠬᠢᠨᠠᠨ ᠵᠥᠪᠰᠢᠶᠡᠷᠡᠬᠦ ᠪᠠ ᠴᠣᠩᠬᠤ ᠪᠠᠷ ᠮᠠᠲ᠋ᠧᠷᠢᠶᠠᠯ ᠦᠭᠭᠦ ᠶᠢ ᠰᠠᠯᠭᠠᠬᠤ︶ ᠵᠠᠷᠴᠢᠮ | ᠶᠤᠰᠤᠭᠠᠷ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠤᠤᠯ ᠤᠨ ᠬᠤᠲᠠ ᠶᠢᠨ 47 ᠰᠢᠭᠤᠳ ᠬᠠᠷᠢᠶ᠎ᠠ | ᠰᠠᠯᠠᠭ᠎ᠠ ᠮᠥᠴᠢᠷ᠂ ᠬᠢᠶ᠎ᠠ ᠪᠠᠭᠰᠢ ᠰᠢᠨ᠎ᠡ ᠲᠤᠭᠤᠷᠢᠭ ᠤᠨ 11 ᠰᠠᠯᠠᠭ᠎ᠠ ᠮᠥᠴᠢᠷ ᠪᠤᠯᠤᠨ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ ᠶᠢ ᠵᠠᠬ᠎ᠠ ᠳᠡᠯᠭᠡᠭᠦᠷ ᠲᠤ ᠣᠷᠣᠬᠤ ᠵᠦᠪᠰᠢᠶᠡᠷᠡᠯ᠂ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ᠂ | ᠨᠡᠶᠢᠭᠡᠮ ᠤᠨ ᠦᠢᠯᠡᠰ ᠤᠨ ᠪᠠᠲᠤᠯᠠᠭ᠎ᠠ᠂ ᠵᠠᠭᠤᠴᠢ ᠶᠢᠨ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡ ᠵᠡᠷᠭᠡ | ᠲᠠᠪᠤᠨ ᠶᠡᠭᠡ ︽ᠭᠠᠭᠴᠠ ᠴᠣᠩᠬᠤ︾ ᠪᠤᠯᠤᠨ ᠬᠢᠶ᠎ᠠ ᠪᠠᠭᠰᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠭᠤᠷᠢᠭ ᠪᠣᠯᠭᠠᠨ ᠡᠮᠬᠢᠯᠡᠨ ᠨᠡᠶᠢᠯᠡᠭᠦᠯᠪᠡ᠃ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠡᠮᠦᠨ᠎ᠡ ᠲᠠᠶᠢᠰᠠᠨ ᠳᠤ | ᠨᠢᠭᠡᠳᠦᠯᠲᠡᠶ ᠵᠥᠪᠯᠡᠯᠭᠡ ᠥᠭᠬᠦ ᠬᠦᠯᠢᠶᠡᠨ ᠠᠪᠴᠤ ᠰᠢᠢᠳᠪᠦᠷᠢᠯᠡᠬᠦ ᠲᠤᠭᠤᠷᠢᠭ ᠪᠤᠯᠤᠨ ᠨᠢᠭᠡᠳᠦᠯᠲᠡᠶ ᠮᠠᠲ᠋ᠧᠷᠢᠶᠠᠯ | ᠦᠭᠭᠦ ᠲᠤᠭᠤᠷᠢᠭ ᠲᠤᠬᠢᠷᠠᠭᠤᠯᠵᠤ᠂ ᠠᠷᠤ ᠲᠠᠶᠢᠰᠠᠨ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ ᠲᠤᠭᠤᠷᠢᠭ | ᠲᠤᠬᠢᠷᠠᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠲᠠᠳ ᠮᠠᠲ᠋ᠧᠷᠢᠶᠠᠯ ᠢ ᠨᠢᠭᠡᠳᠦᠯᠲᠡᠶ | ᠬᠤᠷᠢᠶᠠᠬᠤ ᠪᠠ ᠦᠭᠭᠦ ᠶᠢ ᠬᠠᠷᠢᠭᠤᠴᠠᠨ᠎ᠠ᠃ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠠᠵᠢᠯᠳᠠᠨ ᠬᠡᠷᠡᠭ | ᠬᠦᠢᠴᠡᠳᠭᠡᠬᠦ ᠤᠯᠠᠨ ᠲᠦᠮᠡᠨ ᠲᠠᠢ ᠰᠢᠭᠤᠳ ᠨᠢᠭᠤᠷᠳᠠᠬᠤ ᠪᠠᠨ ᠪᠤᠯᠢᠵᠤ᠂ ᠠᠷᠤ ᠲᠠᠶᠢᠰᠠᠨ ᠳᠤ ᠤᠴᠢᠵᠤ | ᠨᠢᠭᠡᠳᠦᠯᠲᠠᠢ ᠤᠶᠤᠨᠴᠢᠷ ᠵᠠᠰᠠᠭ ᠤᠨ ᠶᠠᠪᠤᠳᠠᠯ ᠤᠨ ᠲᠠᠪᠴᠠᠩ ᠳᠡᠭᠡᠷ᠎ᠡ ᠲᠥᠪᠯᠡᠷᠡᠭᠦᠯᠦᠨ ᠰᠢᠢᠳᠪᠦᠷᠢᠯᠡᠵᠤ᠂ | ᠨᠡᠶᠢᠯᠡᠭᠦᠯᠦᠨ ᠬᠢᠨᠠᠵᠤ ᠨᠡᠶᠢᠯᠡᠭᠦᠯᠦᠨ ᠰᠢᠢᠳᠪᠦᠷᠢᠯᠡᠬᠦ ᠪᠤᠯᠪᠠ᠃ ᠥᠩᠭᠡᠷᠡᠭᠰᠡᠨ ᠳᠤ ᠨᠢᠭᠡ ᠴᠣᠩᠬᠤᠨ ᠳᠤ ᠨᠢᠭᠡ ᠯᠡ | ᠵᠦᠢᠯ ᠢ ᠬᠦᠢᠴᠡᠳᠭᠡᠬᠦ᠂ ᠨᠢᠭᠡ ᠵᠦᠢᠯ ᠢ ᠨᠢᠭᠡ ᠬᠦᠢᠴᠡᠳᠭᠡᠵᠤ ᠪᠠᠶᠢᠭᠰᠠᠨ ᠢ ᠨᠢᠭᠡ ᠴᠤᠩᠬᠤ ᠪᠠᠷ ᠲᠦᠪᠯᠡᠷᠡᠭᠦᠯᠦᠨ | ᠬᠦᠯᠢᠶᠡᠨ ᠠᠪᠬᠤ᠂ ᠶᠡᠷᠦᠩᠭᠡᠶᠢᠯᠡᠨ ᠬᠦᠢᠴᠡᠳᠭᠡᠬᠦ᠂ ᠨᠢᠭᠡᠳᠦᠯᠲᠡᠶ ᠦᠨᠡᠮᠯᠡᠯ ᠣᠯᠭᠤᠬᠤ ᠪᠤᠯᠭᠠᠨ ᠳᠡᠰ ᠳᠡᠪᠰᠢᠬᠦᠯᠵᠤ᠂ | ᠠᠵᠤ ᠠᠬᠤᠶᠢᠯᠠᠯ ᠪᠣᠯᠤᠨ ᠤᠯᠠᠨ ᠲᠦᠮᠡᠨ ᠢ ︽ᠨᠢᠭᠡ ᠬᠠᠭᠠᠯᠭ᠎ᠠ ᠪᠠᠷ ᠤᠷᠤᠵᠤ᠂ ᠨᠢᠭᠡ ᠴᠤᠩᠬᠤᠨ ᠳᠤ ᠤᠴᠢᠵᠤ᠂ | ᠨᠢᠭᠡ ᠬᠤᠪᠢ ᠮᠠᠲ᠋ᠧᠷᠢᠶᠠᠯ ᠢᠶᠠᠨ ᠲᠤᠰᠢᠶᠠᠪᠠᠯ᠂ ᠬᠡᠷᠡᠭ ᠶᠠᠪᠤᠳᠠᠯ ᠪᠦᠬᠦᠨ ᠢᠶᠠᠨ ᠬᠦᠢᠴᠡᠳᠭᠡᠵᠤ ᠳᠡᠶᠢᠯᠬᠦ︾ | ᠪᠤᠯᠭᠠᠪᠠ᠃ |