ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠤᠨ ᠪᠤᠭᠤᠲᠤ ᠬᠤᠲᠠ ᠶᠢᠨ | ᠵᠠᠰᠠᠭ ᠤᠨ ᠣᠷᠳᠣᠨ ︽2016 ᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ ᠬᠠᠷᠠᠯᠲᠠᠲᠤ | ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠤᠵᠤ᠂ ᠡᠨᠡ ᠵᠢᠯ ᠤᠨ ᠪᠦᠬᠦ ᠬᠤᠳᠠ ᠶᠢᠨ | ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠦᠨᠳᠦᠰᠦᠨ ᠳᠡᠭᠡᠨ ᠪᠠᠶᠢᠭᠤᠯᠵᠤ | ᠳᠠᠭᠤᠰᠬᠠᠬᠤ ᠡᠭᠦᠷᠭᠡ 19620 ᠢᠵᠢ ᠪᠣᠯᠬᠤ ᠶᠢ ᠲᠣᠭᠲᠠᠭᠠᠪᠠ᠂ ᠡᠭᠦᠨ ᠳᠤ ᠬᠢᠮᠳᠠ ᠲᠦᠷᠢᠶᠡᠰᠦᠨ ᠣᠷᠣᠨ | ᠰᠠᠭᠤᠴᠠ 6666 ᠢᠵᠢ᠂ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ 3998 ᠢᠵᠢ᠂ ᠬᠤᠲᠠ ᠶᠢᠨ | ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ︵ᠬᠤᠳᠠ ᠶᠢᠨ ᠳᠣᠲᠣᠷᠠᠬᠢ ᠲᠣᠰᠬᠤᠨ︶ ᠢ ᠰᠢᠨᠡᠳᠬᠡᠨ | ᠵᠠᠰᠠᠬᠤ ᠨᠢ 8956 ᠢᠵᠢ ︵ᠡᠷᠦᠬᠡ︶ ᠪᠣᠯᠣᠨ᠎ᠠ᠃ 6 ᠳ᠋ᠤᠭᠠᠷ ᠰᠠᠷ᠎ᠠ ᠶᠢᠨ 30 ᠤ ᠡᠳᠦᠷ ᠪᠣᠯᠬᠤ ᠳᠤ᠂ ᠪᠦᠬᠦ | ᠬᠤᠳᠠ ᠶᠢᠨ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠡᠯ᠎ᠡ ᠲᠥᠷᠥᠯ ᠤᠨ | ᠪᠥᠳᠥᠭᠡᠨ ᠪᠠᠶᠢᠭᠤᠯᠤᠯᠲᠠ ᠶᠢᠨ ᠡᠭᠦᠷᠭᠡ ᠯᠠᠪᠳᠠᠭᠤᠨ ᠢᠶᠠᠷ ᠠᠬᠢᠵᠤ᠂ ᠡᠯ᠎ᠡ ᠭᠠᠵᠠᠷ ᠣᠷᠣᠨ ᠤ ᠪᠠᠲᠤᠯᠠᠭ᠎ᠠ ᠶᠢᠨ | ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠦᠨᠳᠦᠰᠦᠨ ᠳᠡᠭᠡᠨ ᠪᠠᠶᠢᠭᠤᠯᠬᠤ ᠡᠭᠦᠷᠭᠡ ᠨᠢ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠢ ᠭᠦᠢᠴᠡᠳ ᠬᠢᠭᠰᠡᠨ ᠠᠴᠠ ᠪᠣᠯᠵᠤ ᠪᠦᠬᠦ ᠵᠢᠯ ᠤᠨ ᠡᠭᠦᠷᠭᠡ ᠶᠢᠨ | ᠬᠠᠷᠠᠯᠲᠠ ᠪᠠᠨ ᠴᠥᠮ ᠤᠷᠢᠳᠴᠢᠯᠠᠨ ᠪᠡᠶᠡᠯᠡᠭᠦᠯᠵᠦ᠂ ᠦᠨᠳᠦᠰᠦᠨ ᠪᠠᠶᠢᠭᠤᠯᠤᠭᠰᠠᠨ ᠨᠤᠷᠮ᠎ᠠ ᠨᠢ 100% ᠳᠤ | ᠬᠦᠷᠪᠡ᠃ |