ᠥᠪᠡᠷᠲᠡᠭᠡᠨ ᠵᠠᠰᠠᠬᠤ ᠣᠷᠣᠨ ᠤ ᠴᠤᠪᠤᠷᠠᠯ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ 6 | ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠤᠯᠠᠭᠠᠨᠴᠠᠪ ᠬᠤᠲᠠ ᠶᠢᠨ 36 ᠰᠠᠯᠠᠭ᠎ᠠ ᠮᠥᠴᠢᠷ ᠤᠨ 496 | ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ︵ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ | ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠥᠭᠭᠦᠯᠲᠡ᠂ ᠵᠠᠰᠠᠭ ᠵᠠᠬᠢᠷᠭᠠᠨ ᠤ ᠲᠠᠲᠠᠪᠤᠷᠢ᠂ ᠵᠠᠰᠠᠭ ᠵᠠᠬᠢᠷᠭᠠᠨ ᠤ | ᠱᠠᠩᠨᠠᠯ ᠬᠥᠬᠢᠭᠦᠯᠦᠯ᠂ ᠵᠠᠰᠠᠭ ᠵᠠᠬᠢᠷᠭᠠᠨ ᠤ ᠪᠤᠰᠤᠳ ᠡᠷᠬᠡ︶ ᠤᠨ ᠴᠤᠪᠤᠷᠠᠯ ᠵᠢᠷᠤᠭ ᠪᠠ ᠦᠢᠯᠡᠴᠢᠯᠡᠭᠡᠨ ᠤ | ᠬᠥᠲᠥᠴᠢ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠪᠡ᠃ ᠡᠭᠦᠨ ᠤ ᠬᠠᠮᠲᠤ᠂ ᠥᠪᠡᠷᠲᠡᠭᠡᠨ ᠵᠠᠰᠠᠬᠤ | ᠣᠷᠣᠨ ᠤ ᠱᠠᠭᠠᠷᠳᠠᠭᠰᠠᠨ ᠦᠭᠡᠢ ᠵᠠᠰᠠᠭ ᠵᠠᠬᠢᠷᠭᠠᠨ ᠤ ᠰᠢᠳᠬᠡᠯ ᠥᠭᠬᠦ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ | ᠠᠷᠭ᠎ᠠ ᠬᠡᠮᠵᠢᠶ᠎ᠡ᠂ ᠵᠠᠰᠠᠭ ᠵᠠᠬᠢᠷᠭᠠᠨ ᠤ ᠠᠯᠪᠠᠳᠠᠨ ᠭᠦᠢᠴᠡᠳᠬᠡᠭᠦᠯᠬᠦ ᠡᠷᠬᠡ ᠪᠠ ᠵᠠᠰᠠᠭ ᠵᠠᠬᠢᠷᠭᠠᠨ ᠤ ᠬᠢᠨᠠᠯᠲᠠ | ᠪᠠᠶᠢᠴᠠᠭᠠᠯᠲᠠ ᠵᠡᠷᠭᠡ 4 ᠵᠦᠢᠯᠡᠰ ᠤᠨ ᠴᠤᠪᠤᠷᠠᠯ ᠢ ᠴᠦ ᠬᠠᠮᠲᠤ ᠳᠤᠨᠢ ᠵᠣᠬᠢᠶᠠᠵᠤ᠂ ᠡᠷᠬᠡ ᠪᠠᠨ ᠶᠠᠪᠤᠭᠤᠯᠬᠤ 4 | ᠲᠥᠷᠥᠯ ᠤᠨ 2801 ᠬᠤᠪᠢ ᠴᠤᠪᠤᠷᠠᠯ ᠢ ᠪᠡᠶᠡᠯᠡᠭᠦᠯᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠬᠤ | ᠳᠤ ᠨᠡᠩ ᠠᠰᠢᠭᠲᠠᠢ ᠪᠣᠯᠭᠠᠨ ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠪᠣᠯᠵᠠᠢ᠃ ᠡᠨᠡ ᠬᠦ ᠠᠵᠢᠯ ᠨᠢ ᠪᠥᠬᠦ | ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠤᠨ ᠭᠢᠯᠠᠰ | ᠴᠢᠭ᠋ ᠪᠣᠯᠣᠭᠰᠠᠨ ᠪᠠᠶᠢᠨ᠎ᠠ᠃ |