ᠬᠢᠩᠭᠠᠨ ᠠᠶᠢᠮᠠᠭ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ︽ᠶᠡᠬᠡᠪᠡᠷ ᠵᠢᠭᠰᠠᠭᠠᠨ | ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ︾ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ︽ᠭᠤᠷᠪᠠᠨ ᠴᠢᠬᠤᠯᠠ | ᠨᠢᠭᠡ ᠶᠡᠭᠡ ᠭᠤᠷᠪᠠᠨ ᠵᠢᠵᠢᠭ︾ ᠤᠨ ᠲᠣᠭᠤᠷᠢᠨ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠠᠮᠤᠷ ᠲᠦᠪᠰᠢᠨ ᠤ ᠲᠠᠯᠳᠠ ᠭᠡᠮ ᠢ ᠲᠦᠢᠯᠪᠤᠷᠢᠲᠠᠶ ᠪᠠᠶᠢᠴᠠᠭᠠᠵᠤ᠂ ᠬᠢᠨᠠᠯᠲᠠ ᠬᠠᠮᠢᠶᠠᠷᠤᠯᠲᠠ ᠶᠢᠨ ᠵᠠᠶ ᠵᠠᠪᠰᠠᠷ ᠢ | ᠪᠥᠭᠯᠡᠨ᠂ ᠬᠢᠩᠭᠠᠨ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠤᠨ | ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠲᠦᠯᠬᠢᠨ ᠠᠬᠢᠭᠤᠯᠪᠠ᠃ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠢᠩᠭᠠᠨ | ᠠᠶᠢᠮᠠᠭ ᠤᠨ ᠡᠯ᠎ᠡ ᠬᠤᠰᠢᠭᠤ ᠰᠢᠶᠠᠨ ᠪᠣᠯᠤᠨ ᠰᠤᠮᠤ ᠰᠢᠶᠠᠩ ᠪᠠᠯᠭᠠᠰᠤ ᠶᠢᠨ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠭᠠᠵᠠᠷ ᠤᠳ ᠢᠳᠡᠭᠡᠨ ᠪᠠ ᠡᠮᠨᠡᠯᠭᠡ ᠶᠢᠨ ᠪᠠᠭᠠᠵᠢ ᠬᠡᠷᠡᠭᠰᠡᠯ ᠤᠨ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ ᠤᠨ ᠳᠦᠷᠢᠮᠵᠢᠯ ᠲᠠᠢ | ᠬᠠᠷᠢᠴᠠᠭᠤᠯᠤᠨ᠂ ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠠᠵᠢᠯ ᠢ ᠨᠠᠷᠢᠨ ᠬᠢᠨᠠᠮᠠᠭᠠᠶ | ᠥᠷᠨᠢᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠶᠤᠯ ᠲᠦᠭᠰᠢᠭᠦᠷᠢ᠂ ᠲᠠᠯᠳᠠ ᠭᠡᠮ ᠢ ᠭᠦᠨ | ᠠᠭᠤᠳᠠᠯᠵᠤ᠂ ᠦᠢᠯᠡᠳᠪᠦᠷᠢᠯᠡᠯ ᠡᠵᠡᠩᠨᠡᠯᠲᠡ ᠶᠢᠨ ᠬᠦᠷᠦᠯᠴᠡᠬᠦ ᠦᠭᠡᠢ ᠲᠠᠯ᠎ᠠ ᠶᠢ ᠡᠷᠢᠵᠦ᠂ ᠡᠯ᠎ᠡ ᠵᠦᠢᠯ ᠤᠨ | ᠲᠦᠷᠢᠮ ᠲᠣᠭᠲᠠᠭᠠᠯ ᠠᠷᠭ᠎ᠠ ᠬᠡᠮᠵᠢᠶ᠎ᠡ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠣᠰᠢᠵᠤ ᠪᠠᠶᠢᠭ᠎ᠠ | ᠠᠰᠠᠭᠤᠳᠠᠯ ᠳᠤ ᠴᠢᠭᠯᠡᠭᠦᠯᠦᠨ ᠴᠡᠭᠴᠡᠯᠡᠨ ᠥᠭᠡᠷᠡᠴᠢᠯᠡᠵᠦ᠂ ᠵᠢᠷᠤᠮᠵᠢᠭᠤᠯᠤᠨ ᠳᠡᠭᠡᠭᠰᠢᠯᠡᠭᠦᠯᠦᠭᠰᠡᠨ ᠪᠠᠶᠢᠨ᠎ᠠ᠃ | ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠦᠯᠲᠡ ᠳᠤ 1363 ᠲᠡᠷᠭᠡ ᠬᠥᠰᠬᠡ ᠣᠳᠠᠭ᠎ᠠ ᠭᠠᠷᠭᠠᠵᠤ᠂ ᠬᠠᠤᠯᠢ | ᠬᠡᠷᠡᠭᠵᠢᠭᠦᠯᠬᠦ ᠠᠵᠢᠯᠲᠠᠨ 4370 ᠬᠦᠮᠦᠨ ᠤᠳᠠᠭ᠎ᠠ ᠬᠥᠳᠡᠯᠦᠯᠴᠡᠵᠦ᠂ ᠬᠤᠭᠤᠯᠠ ᠤᠮᠳᠠᠭᠠᠨ ᠤ ᠦᠢᠯᠡᠴᠢᠯᠡᠭᠡᠨ ᠤ | 1615 ᠨᠢᠭᠡᠴᠡ᠂ ᠢᠳᠡᠭᠡᠨ ᠦᠢᠯᠡᠳᠪᠦᠷᠢᠯᠡᠨ ᠡᠵᠡᠩᠨᠡᠵᠦ ᠪᠠᠶᠢᠭ᠎ᠠ 1190 ᠨᠢᠭᠡᠴᠡ᠂ 161 ᠵᠢᠵᠢᠭ | ᠳᠡᠯᠭᠡᠭᠦᠷᠴᠢᠨ ᠢ ᠪᠠᠶᠢᠴᠠᠭᠠᠵᠤ᠂ 116 ᠡᠷᠦᠬᠡ ᠶᠢ ᠴᠡᠭᠴᠡᠯᠡᠨ ᠰᠠᠶᠢᠵᠢᠷᠠᠭᠤᠯᠵᠤ᠂10 ᠬᠡᠷᠡᠭ ᠢ ᠬᠡᠷᠡᠭ ᠪᠣᠯᠭᠠᠭᠰᠠᠨ | ᠪᠠᠶᠢᠨ᠎ᠠ᠃ | ᠬᠢᠨᠠᠯᠲᠠ ᠪᠠᠶᠢᠴᠠᠭᠠᠯᠲᠠ ᠶᠢᠨ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠠᠴᠠ ᠡᠵᠡᠩᠨᠡᠭᠴᠢᠳ ᠤᠨ | ᠭᠡᠷᠡᠴᠢ ᠪᠢᠯᠧᠲ ᠬᠢᠭᠰᠡᠨ ᠥᠭᠡᠢ᠂ ᠡᠬᠡ ᠳᠠᠩᠰᠠ ᠪᠠᠶᠢᠭᠤᠯᠤᠭᠰᠠᠨ ᠦᠭᠡᠢ ᠵᠡᠷᠭᠡ ᠠᠰᠠᠭᠤᠳᠠᠯ ᠢ ᠢᠯᠡᠷᠡᠭᠦᠯᠪᠡᠯ᠂ | ᠵᠠᠷᠯᠢᠭᠳᠠᠨ ᠵᠠᠯᠠᠷᠠᠭᠤᠯᠵᠠᠢ᠃ ᠣᠳᠣᠬᠠᠨ ᠳᠤ᠂ ᠨᠢᠭᠡᠨᠲᠡ 53 ᠬᠤᠪᠢ ᠵᠠᠷᠯᠢᠭᠳᠠᠨ ᠵᠠᠯᠠᠷᠠᠭᠤᠯᠬᠤ ᠮᠡᠳᠡᠭᠳᠡᠯ ᠤᠨ | ᠪᠢᠴᠢᠭ ᠶᠠᠪᠤᠭᠤᠯᠪᠠ᠃ |