ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠪᠡᠯ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠵᠦᠪᠰᠢᠶᠡᠷᠡᠯ ᠢᠶᠠᠷ᠂ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠢ | ᠲᠣᠮᠢᠯᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ᠂ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ | ᠭᠠᠵᠠᠷ ᠤᠨ ᠨᠠᠮ ᠤᠨ ᠬᠤᠷᠢᠶ᠎ᠠ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠪᠠ ᠵᠠᠰᠠᠭ ᠤᠨ ᠤᠷᠳᠤᠨ ᠤ ᠰᠤᠳᠤᠯᠬᠤ ᠭᠡᠷ ︵ᠵᠦᠪᠳᠡᠭᠴᠢ ᠶᠢᠨ ᠬᠡᠷ︶ ᠤᠨ ᠨᠠᠮ ᠤᠨ | ᠤᠳᠤᠷᠢᠳᠬᠤ ᠳᠤᠭᠤᠶᠢᠯᠠᠩ ᠲᠤ ᠲᠤᠰᠬᠠᠶ ᠲᠣᠭᠤᠷᠢᠨ ᠪᠠᠶᠢᠴᠠᠭᠠᠯᠲᠠ ᠥᠷᠨᠢᠭᠦᠯᠬᠦ ᠪᠠᠷ ᠲᠣᠭᠲᠠᠭᠠᠪᠠ᠃ | ᠲᠤᠰ ᠤᠳᠠᠭᠠᠨ ᠤ ᠲᠣᠭᠤᠷᠢᠨ ᠪᠠᠶᠢᠴᠠᠭᠠᠬᠤ ᠭᠤᠣᠯ ᠡᠭᠦᠷᠭᠡ ᠪᠣᠯ᠄ ᠤᠯᠤᠰ ᠲᠦᠷᠦ ᠶᠢᠨ ᠲᠣᠭᠤᠷᠢᠨ | ᠪᠠᠶᠢᠴᠠᠭᠠᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ︽ᠳᠥᠷᠪᠡᠨ ᠦᠵᠡᠯ ᠤᠬᠠᠮᠰᠠᠷ︾ ᠢ | ᠳᠡᠭᠡᠭᠰᠢᠯᠡᠭᠦᠯᠵᠦ᠂ ︽ᠳᠥᠷᠪᠡᠨ ᠪᠦᠬᠦ ᠲᠠᠯ᠎ᠠ︾ ᠲᠠᠢ ᠤᠶᠠᠯᠳᠤᠭᠤᠯᠤᠨ᠂ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠳᠤ ᠴᠢᠭᠯᠡᠭᠦᠯᠵᠦ᠂ ︽ᠵᠢᠷᠭᠤᠭᠠᠨ ᠰᠠᠬᠢᠯᠭ᠎ᠠ︾ ᠶᠢ ᠪᠠᠲᠤ ᠡᠵᠡᠮᠳᠡᠵᠦ᠂ ︽ᠭᠤᠷᠪᠠᠨ ᠶᠡᠭᠡ ᠠᠰᠠᠭᠤᠳᠠᠯ︾ | ᠢ ᠴᠢᠩᠭ᠎ᠠ ᠠᠩᠬᠠᠷᠬᠤ ᠶᠠᠪᠤᠳᠠᠯ ᠪᠣᠯᠤᠨ᠎ᠠ᠄ | ᠨᠢᠭᠡ ᠳᠤ ᠨᠠᠮ ᠤᠨ ᠤᠳᠤᠷᠢᠳᠤᠯᠭ᠎ᠠ ᠶᠢᠨ ᠲᠠᠯ᠎ᠠ ᠪᠠᠷ᠂ ᠲᠣᠭᠤᠷᠢᠨ ᠪᠠᠶᠢᠴᠠᠭᠠᠯᠲᠠ ᠬᠦᠯᠢᠶᠡᠬᠦ ᠨᠠᠮ ᠤᠨ | ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠ᠂ ᠳᠥᠷᠪᠡ᠂ ᠲᠠᠪᠤᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠪᠣᠳᠠᠲᠤ ᠪᠠᠶᠢᠳᠠᠯ ᠲᠠᠢ ᠤᠶᠠᠯᠳᠤᠭᠤᠯᠤᠨ ᠭᠦᠨᠵᠡᠭᠡᠶ ᠲᠤᠤᠱᠯᠠᠭᠤᠯᠵᠤ ᠪᠠᠶᠢᠬᠤ ᠡᠰᠡᠬᠦ᠂ ︽ᠳᠥᠷᠪᠡᠨ | ᠦᠵᠡᠯ ᠤᠬᠠᠮᠰᠠᠷ︾ ᠢ ᠪᠠᠲᠤ ᠪᠠᠬᠢ ᠪᠤᠢ ᠪᠣᠯᠭᠠᠨ᠂ ᠨᠠᠮ ᠤᠨ ᠲᠦᠷᠢᠮ ᠳᠤ ᠲᠣᠭᠲᠠᠭᠠᠭᠰᠠᠨ ︽ᠳᠥᠷᠪᠡᠨ ᠳᠠᠭᠠᠬᠤ︾ | ᠶᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠭᠰᠡᠨ ᠤᠳᠤᠷᠢᠳᠤᠯᠭ᠎ᠠ ᠳᠣᠣᠷ᠎ᠠ ᠠᠯᠢᠪᠠ | ᠠᠵᠢᠯ ᠢᠶᠠᠨ ᠤᠬᠠᠮᠰᠠᠷ ᠠᠴᠠ ᠪᠠᠨ ᠬᠢᠵᠦ᠂ ᠨᠠᠮ ᠤᠨ ᠲᠥᠪ ᠬᠤᠷᠢᠶ᠎ᠠ ᠶᠢᠨ ᠠᠵᠢᠯ ᠤᠨ ᠶᠡᠭᠡ ᠲᠠᠯ᠎ᠠ ᠶᠢ ᠲᠠᠭᠠᠬᠤ ᠪᠠ | ᠲᠡᠭᠦᠨ ᠳᠤ ᠦᠢᠯᠡᠴᠢᠯᠡᠵᠦ᠂ ᠦᠵᠡᠯ ᠰᠠᠨᠠᠭ᠎ᠠ᠂ ᠤᠯᠤᠰ ᠲᠦᠷᠦ᠂ ᠤᠢᠢᠯᠠ ᠠᠵᠢᠯᠯᠠᠭ᠎ᠠ ᠳᠡᠭᠡᠷ᠎ᠡ ᠪᠠᠨ ᠰᠢ ᠶᠢᠨ | ᠫᠢᠩ ᠨᠥᠬᠦᠷ ᠢᠶᠠᠷ ᠶᠡᠷᠦᠩᠬᠡᠶ ᠱᠦᠵᠢ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠴᠦ | ᠪᠠᠶᠢᠬᠤ ᠡᠰᠡᠬᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠭᠤᠣᠯᠯᠠᠭᠴᠢ ᠬᠦᠴᠦᠨ ᠤ ᠦᠢᠯᠡᠳᠦᠯ ᠢ | ᠪᠠᠳᠠᠷᠠᠭᠤᠯᠤᠨ᠂ ᠣᠷᠣᠨ ᠨᠤᠲᠤᠭ ᠤᠨ ᠨᠠᠮ ᠤᠨ ᠬᠤᠷᠢᠶ᠎ᠠ ᠶᠢᠨ ᠠᠵᠢᠯ ᠤᠨ ᠳᠦᠷᠢᠮ᠂ ᠨᠠᠮ ᠤᠨ ᠤᠳᠤᠷᠢᠳᠬᠤ | ᠳᠤᠭᠤᠶᠢᠯᠠᠩ ᠤᠨ ᠠᠵᠢᠯ ᠤᠨ ᠳᠦᠷᠢᠮ ᠳᠤ ᠲᠣᠭᠲᠠᠭᠠᠭᠰᠠᠨ ᠤᠯᠤᠰ ᠲᠦᠷᠤ ᠶᠢᠨ ᠤᠳᠤᠷᠢᠳᠬᠤ ᠬᠠᠷᠢᠭᠤᠴᠠᠯᠭ᠎ᠠ ᠶᠢ | ᠬᠢᠨᠠᠮᠠᠭᠠᠶ ᠭᠦᠢᠴᠡᠳᠬᠡᠵᠦ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠦᠯᠭ᠎ᠠ ᠪᠠ ᠲᠥᠪ ᠬᠤᠷᠢᠶ᠎ᠠ ᠶᠢᠨ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠤᠷᠤᠯᠴᠠᠬᠤ᠂ ᠤᠬᠠᠭᠤᠯᠬᠤ᠂ ᠲᠤᠤᠱᠯᠠᠭᠤᠯᠤᠨ | ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠲᠥᠪ ᠬᠤᠷᠢᠶ᠎ᠠ ᠶᠢᠨ ᠵᠠᠰᠠᠭ ᠤᠨ ᠵᠠᠷᠯᠢᠭ ᠤᠨ ᠰᠢᠯᠤᠭᠤᠨ | ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ᠎ᠠ᠃ ᠬᠤᠶᠠᠷ ᠲᠤ | ᠨᠠᠮ ᠤᠨ ᠪᠠᠶᠢᠭᠤᠯᠤᠯᠲᠠ ᠶᠢᠨ ᠲᠠᠯ᠎ᠠ ᠪᠠᠷ᠂ ᠲᠣᠭᠤᠷᠢᠨ ᠪᠠᠶᠢᠴᠠᠭᠠᠯᠲᠠ ᠬᠦᠯᠢᠶᠡᠬᠦ ᠨᠠᠮ ᠤᠨ ᠵᠣᠬᠢᠶᠠᠨ ᠪᠠᠶᠢᠭᠤᠯᠤᠯᠲᠠ | ᠠᠯᠪᠠᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠳᠤᠮᠳᠠ ᠪᠠᠨ ᠦᠵᠡᠯ ᠰᠠᠨᠠᠭᠠᠨ ᠤ | ᠪᠠᠶᠢᠭᠤᠯᠤᠯᠲᠠ ᠶᠢ ᠴᠢᠩᠭ᠎ᠠ ᠠᠳᠬᠤᠭᠰᠠᠨ ᠡᠰᠡᠬᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠪᠠᠲᠤ ᠠᠳᠬᠤᠭᠰᠠᠨ ᠡᠰᠡᠬᠦ᠂ ᠰᠤᠷᠲᠠᠯ ᠤᠨ ᠪᠠᠶᠢᠭᠤᠯᠤᠯᠲᠠ ᠶᠢ ᠪᠣᠳᠠᠲᠠᠶ ᠠᠳᠬᠤᠭᠰᠠᠨ ᠡᠰᠡᠬᠦ᠂ | ᠳᠦᠷᠢᠮ ᠤᠨ ᠬᠡᠷᠡᠭᠵᠢᠭᠦᠯᠦᠯᠲᠡ ᠶᠢ ᠴᠢᠩᠭ᠎ᠠ ᠠᠳᠬᠤᠭᠰᠠᠨ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠵᠤ᠂ | ᠲᠤᠬᠠᠶᠢᠯᠠᠭᠰᠠᠨ ᠠᠵᠢᠯ ᠢ ᠬᠦᠨᠳᠦᠳᠬᠡᠨ᠂ ᠨᠠᠮ ᠤᠨ ᠪᠠᠶᠢᠭᠤᠯᠤᠯᠲᠠ ᠶᠢ ᠬᠦᠩᠭᠡᠪᠴᠢᠯᠡᠵᠦ᠂ ᠦᠵᠡᠯ ᠰᠠᠨᠠᠭ᠎ᠠ ᠤᠯᠤᠰ | ᠲᠥᠷᠦ ᠶᠢᠨ ᠠᠵᠢᠯ ᠳᠣᠷᠣᠢ ᠪᠠᠭᠤᠷᠠᠢ᠂ ᠳᠦᠷᠢᠮ ᠤᠨ ᠬᠡᠷᠡᠭᠵᠢᠭᠦᠯᠦᠯᠲᠡ ᠨᠢ ᠬᠦᠴᠦᠨ ᠦᠭᠡᠢ᠂ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠨᠢ ᠲᠤᠷᠤᠢ ᠪᠠᠭᠤᠷᠠᠶ ᠰᠤᠯᠠ ᠵᠠᠳᠠᠭᠠᠶ᠂ ᠨᠠᠮ ᠤᠨ ᠭᠡᠰᠢᠭᠦᠨ ᠤ ᠡᠩᠨᠡᠭᠡ ᠶᠢᠨ | ᠬᠠᠮᠢᠶᠠᠷᠤᠯᠲᠠ ᠨᠢ ᠰᠤᠯᠠ ᠵᠠᠳᠠᠭᠠᠶ ᠪᠠᠶᠢᠬᠤ ᠵᠡᠷᠭᠡ ᠲᠤᠪᠤᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠢᠯᠡᠷᠡᠭᠦᠯᠬᠦ | ᠪᠦᠭᠡᠳ ᠰᠢᠢᠳᠪᠦᠷᠢᠯᠡᠬᠦ ᠶᠢ ᠠᠬᠢᠭᠤᠯᠵᠤ᠂ ᠨᠠᠮ ᠤᠨ ᠲᠥᠷᠦ ᠪᠠᠷᠢᠬᠤ ᠤᠯᠤᠰ ᠲᠦᠷᠦ ᠶᠢᠨ ᠰᠠᠭᠤᠷᠢ ᠶᠢ | ᠪᠠᠲᠤᠳᠬᠠᠨ᠎ᠠ᠃ ᠭᠤᠷᠪᠠ ᠳᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠠᠯ᠎ᠠ ᠪᠠᠷ᠂ ᠲᠣᠭᠤᠷᠢᠨ ᠪᠠᠶᠢᠴᠠᠭᠠᠯᠲᠠ | ᠬᠦᠯᠢᠶᠡᠬᠦ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠦᠨᠡᠨ ᠴᠢᠩᠭ᠎ᠠ | ᠬᠠᠮᠢᠶᠠᠷᠴᠤ᠂ ᠵᠣᠷᠢᠭᠲᠠᠶ ᠴᠢᠩᠭ᠎ᠠ ᠬᠠᠮᠢᠶᠠᠷᠤᠨ᠂ ᠢᠮᠠᠭᠲᠠ ᠴᠢᠩᠭ᠎ᠠ ᠬᠠᠮᠢᠶᠠᠷᠴᠤ ᠪᠠᠶᠢᠬᠤ ᠡᠰᠡᠬᠦ᠂ ᠠᠷᠢᠭᠤᠨ | ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ ᠪᠠ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠤᠨ ᠲᠦᠷᠢᠮ ᠢ | ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠦ᠂ ︽ᠵᠢᠷᠭᠤᠭᠠᠨ ᠰᠠᠬᠢᠯᠭ᠎ᠠ︾ ᠢᠯᠠᠩᠭᠤᠶ᠎ᠠ ᠤᠯᠤᠰ ᠲᠦᠷᠦ ᠶᠢᠨ | ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠤ ᠳᠦᠷᠢᠮ ᠵᠢᠴᠢ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ | ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ ᠪᠠᠶᠢᠬᠤ ᠡᠰᠡᠬᠦ᠂ ᠰᠢᠢᠳᠪᠦᠷᠢᠲᠦ ᠪᠤᠳᠤᠯᠭ᠎ᠠ | ᠲᠣᠭᠲᠠᠭᠠᠬᠤ ᠡᠷᠬᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠷᠬᠡ᠂ ᠬᠠᠤᠯᠢ ᠬᠡᠷᠡᠭᠵᠢᠭᠦᠯᠬᠦ ᠡᠷᠬᠡ᠂ | ᠠᠵᠢᠯᠳᠡᠨ ᠢ ᠬᠠᠮᠢᠶᠠᠷᠬᠤ ᠡᠷᠬᠡ ᠶᠢ ᠠᠰᠢᠭᠯᠠᠨ ᠡᠷᠬᠡ ᠮᠥᠩᠭᠦᠨ ᠤ ᠰᠣᠯᠢᠯᠴᠠᠭ᠎ᠠ ᠬᠢᠬᠦ᠂ ᠡᠷᠬᠡ ᠪᠠᠨ ᠠᠰᠢᠭᠯᠠᠨ | ᠠᠮᠢ ᠪᠠᠨ ᠪᠣᠷᠳᠣᠬᠤ᠂ ᠠᠰᠢᠭ ᠲᠤᠰᠠ ᠶᠢ ᠳᠠᠮᠵᠢᠭᠤᠯᠤᠨ ᠬᠦᠷᠭᠡᠬᠦ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ᠂ | ᠲᠣᠭᠲᠠᠭᠠᠯ ᠠᠴᠠ ᠵᠥᠷᠢᠴᠡᠨ ᠺᠠᠳ᠋ᠷ ᠢ ᠳᠡᠪᠰᠢᠭᠦᠯᠬᠦ᠂ ︽ᠡᠪᠡᠳᠴᠢᠨ ᠲᠠᠢ ᠪᠠᠷ ᠳᠡᠪᠰᠢᠭᠦᠯᠬᠦ︾᠂ ᠨᠣᠶᠠᠨ ᠵᠡᠷᠭᠡ | ᠤᠯᠬᠤ ᠪᠠᠷ ᠬᠦᠭᠡᠭᠡᠴᠡᠯᠳᠦᠬᠦ᠂ ᠨᠣᠶᠠᠨ ᠵᠡᠷᠭᠡ ᠬᠤᠳᠠᠯᠳᠤᠬᠠᠯᠠᠬᠤ ᠪᠠ ︽ᠭᠤᠷᠪᠠᠨ ᠬᠡᠲᠦᠷᠡᠯ ᠬᠤᠶᠠᠷ ᠰᠠᠮᠠᠭᠤᠷᠠᠯ︾᠂ | ᠳᠠᠩᠰᠠ ᠡᠪᠬᠡᠮᠡᠯ ᠢ ᠬᠠᠭᠤᠷᠮᠠᠭᠯᠠᠨ ᠵᠣᠬᠢᠶᠠᠬᠤ᠂ ᠲᠣᠭᠲᠠᠭᠠᠯ ᠠᠴᠠ ᠵᠥᠷᠢᠴᠡᠨ ᠲᠤᠰᠢᠶᠠᠯ ᠬᠠᠪᠰᠤᠷᠭᠠᠬᠤ᠂ ᠬᠤᠪᠢ | ᠬᠥᠮᠦᠨ ᠤ ᠤᠴᠢᠷ ᠶᠠᠪᠤᠳᠠᠯ ᠢᠶᠠᠨ ᠦᠨᠡᠨ ᠮᠥᠨ ᠢᠶᠠᠷ ᠨᠢ ᠦᠯᠦ ᠮᠡᠳᠡᠭᠦᠯᠬᠦ ᠵᠡᠷᠭᠡ ᠠᠰᠠᠭᠤᠳᠠᠯ ᠤᠷᠤᠰᠢᠵᠤ ᠪᠠᠶᠢᠬᠤ | ᠡᠰᠡᠬᠦ᠂ ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ︽ | ᠳᠥᠷᠪᠡᠨ ᠰᠤᠷᠲᠠᠯ︾ ᠤᠨ ᠠᠰᠠᠭᠤᠳᠠᠯ ᠢ ᠴᠥᠬᠦᠷᠡᠰᠢ ᠦᠭᠡᠶ ᠵᠠᠯᠠᠷᠠᠭᠤᠯᠵᠤ ᠪᠠᠶᠢᠬᠤ ᠡᠰᠡᠬᠦ ᠶᠢ ᠨᠢ ᠭᠤᠣᠯᠳᠠᠯᠭ᠎ᠠ | ᠲᠠᠢ ᠪᠠᠶᠢᠴᠠᠭᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ᠂ ᠪᠠᠶᠢᠭᠤᠯᠭ᠎ᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨ ᠪᠣᠳᠠᠲᠠᠢ ᠭᠦᠢᠴᠡᠳᠬᠡᠵᠦ ᠪᠠᠶᠢᠬᠤ ᠡᠰᠡᠬᠦ᠂ | ᠨᠠᠮ ᠤᠨ ᠰᠠᠬᠢᠯᠭ᠎ᠠ ᠪᠠᠲᠤ ᠲᠡᠷᠢᠭᠦᠨ ᠳᠤ ᠲᠠᠯᠪᠢᠬᠤ ᠶᠢ ᠪᠠᠷᠢᠮᠳᠠᠯᠠᠨ᠂ ᠰᠠᠬᠢᠯᠭ᠎ᠠ ᠪᠠᠲᠤ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ︽ᠲᠦᠷᠪᠡᠨ ᠵᠦᠢᠯ ᠤᠨ ᠬᠡᠯᠪᠡᠷᠢ︾ ᠶᠢ ᠦᠢᠯᠡᠳᠦᠯᠭᠡᠵᠢᠭᠦᠯᠵᠦ᠂ ᠡᠷᠲᠡ ᠠᠳᠬᠤᠵᠤ | ᠪᠠᠭ᠎ᠠ ᠠᠴᠠ ᠨᠢ ᠠᠳᠬᠤᠵᠤ᠂ ᠰᠠᠬᠢᠯᠭ᠎ᠠ ᠠᠴᠠ ᠵᠦᠷᠢᠴᠡᠭᠰᠡᠨ ᠢ ᠨᠢ ᠴᠢᠩᠭ᠎ᠠ ᠪᠠᠶᠢᠴᠠᠭᠠᠵᠤ᠂ ᠨᠠᠮ ᠢ ᠬᠠᠮᠢᠶᠠᠷᠤᠨ | ᠨᠠᠮ ᠢ ᠵᠠᠰᠠᠬᠤ ᠨᠢ ᠰᠤᠯᠠ ᠪᠠᠶᠢᠭᠰᠠᠨ ᠨᠢ ᠲᠥᠪ ᠴᠢᠩᠭ᠎ᠠ ᠲᠡᠰᠢ ᠠᠬᠢᠭᠤᠯᠤᠭᠰᠠᠨ ᠡᠰᠡᠬᠦ ᠶᠢ ᠭᠤᠣᠯᠳᠠᠭ᠎ᠠ ᠲᠠᠢ | ᠪᠠᠶᠢᠴᠠᠭᠠᠨ᠎ᠠ᠃ | ᠲᠣᠭᠤᠷᠢᠨ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠪᠡᠯ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠲᠣᠭᠤᠷᠢᠨ ᠪᠠᠶᠢᠴᠠᠭᠠᠬᠤ | ᠬᠤᠭᠤᠴᠠᠭᠠᠨ ᠳᠠᠭᠠᠨ ᠭᠤᠣᠯᠳᠠᠭᠤ ᠲᠣᠭᠤᠷᠢᠨ ᠪᠠᠶᠢᠴᠠᠭᠠᠯᠲᠠ ᠬᠦᠯᠢᠶᠡᠬᠦ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠵᠢᠴᠢ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠳ ᠤᠨ ᠳᠡᠭᠡᠷ᠎ᠡ ᠳᠤᠷᠠᠳᠤᠭᠰᠠᠨ ᠠᠰᠠᠭᠤᠳᠠᠯ ᠤᠨ ᠲᠠᠯ᠎ᠠ ᠪᠠᠷ ᠬᠢ | ᠢᠯᠡᠴᠢᠯᠡᠯᠲᠡ ᠪᠠ ᠲᠤᠰᠬᠠᠯ ᠢ ᠬᠦᠯᠢᠶᠡᠨ ᠠᠪᠴᠤ ᠰᠢᠢᠳᠪᠦᠷᠢᠯᠡᠨ᠎ᠡ᠂ ᠬᠤᠪᠢ ᠬᠥᠮᠦᠨ ᠤ ᠭᠤᠮᠣᠳᠠᠯ ᠱᠠᠭᠠᠷᠳᠠᠯᠭ᠎ᠠ | ᠳᠤ ᠬᠤᠯᠪᠤᠭᠳᠠᠬᠤ᠂ ᠬᠠᠤᠯᠢ ᠵᠠᠷᠭᠤ ᠳᠤ ᠬᠤᠯᠪᠣᠭᠳᠠᠬᠤ ᠵᠡᠷᠭᠡ ᠲᠠᠯ᠎ᠠ ᠶᠢᠨ ᠵᠠᠬᠢᠳᠠᠯ ᠰᠤᠷᠪᠤᠯᠵᠢᠯᠠᠯ ᠤᠨ ᠬᠡᠷᠡᠭ | ᠶᠠᠪᠤᠳᠠᠯ ᠨᠢ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠥᠯᠢᠶᠡᠨ ᠠᠪᠴᠤ ᠰᠢᠢᠳᠪᠦᠷᠢᠯᠡᠬᠦ ᠬᠦᠷᠢᠶ᠎ᠡ | ᠬᠡᠪᠴᠢᠶᠡᠨ ᠳᠤ ᠬᠠᠷᠢᠶᠠᠯᠠᠭᠳᠠᠬᠤ ᠦᠭᠡᠢ᠂ ᠲᠣᠭᠲᠠᠭᠠᠯ ᠶᠣᠰᠣᠭᠠᠷ ᠬᠠᠮᠢᠶ᠎ᠠ ᠪᠦᠬᠦᠢ ᠨᠢᠭᠡᠴᠡ ᠪᠠ ᠰᠠᠯᠠᠭ᠎ᠠ ᠮᠥᠴᠢᠷ | ᠲᠡᠭᠡᠨ ᠲᠤᠰᠬᠠᠬᠤ ᠪᠣᠯᠪᠠᠣ᠃ | ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ 60 ᠡᠳᠦᠷ ︵7 ᠳ᠋ᠤᠭᠠᠷ ᠰᠠᠷ᠎ᠠ ᠶᠢᠨ 7 ᠤ ᠡᠳᠦᠷ | — 9 ᠳ᠋ᠦ᠋ᠭᠡᠷ ᠰᠠᠷ᠎ᠠ ᠶᠢᠨ 5 ᠤ ᠡᠳᠦᠷ ᠪᠣᠯᠲᠠᠯ᠎ᠠ︶ ᠶᠠᠪᠤᠭᠳᠠᠨ᠎ᠠ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠠᠵᠢᠯ ᠤᠨ ᠬᠤᠭᠤᠴᠠᠭᠠᠨ ᠳᠠᠬᠢ ᠬᠠᠷᠢᠯᠴᠠᠬᠤ ᠬᠡᠯᠪᠡᠷᠢ ᠨᠢ ᠳᠣᠣᠷᠠᠬᠢ ᠮᠡᠲᠦ᠃ | ᠬᠦᠯᠢᠶᠡᠨ ᠠᠪᠬᠤ ᠭᠠᠵᠠᠷ᠄ ᠶᠢᠨ ᠰᠦᠢ ᠲᠣᠮᠤ ᠪᠠᠭᠤᠳᠠᠯ ᠤᠨ 200 ᠨᠣᠮᠧᠷᠲᠥ ᠥᠷᠥᠭᠡ ︵ᠬᠢᠩᠭᠠᠨ | ᠡᠮᠦᠨ᠎ᠡ ᠵᠠᠮ ᠤᠨ 60 ᠳ᠋ᠤᠭᠠᠷ ᠨᠣᠮᠧᠷ︶ | ᠬᠦᠯᠢᠶᠡᠨ ᠠᠪᠬᠤ ᠴᠠᠭ᠄ 7 ᠳ᠋ᠤᠭᠠᠷ ᠰᠠᠷ᠎ᠠ ᠶᠢᠨ 7 ᠤ ᠡᠳᠦᠷ — 9 ᠳ᠋ᠦ᠋ᠭᠡᠷ ᠰᠠᠷ᠎ᠠ ᠶᠢᠨ 5 ᠤ ᠡᠳᠦᠷ | ᠪᠣᠯᠲᠠᠯ᠎ᠠ ︵ᠦᠳᠡ ᠶᠢᠨ ᠡᠮᠦᠨ᠎ᠡ 8᠄ 30 — 12᠄ 00᠂ ᠦᠳᠡ ᠶᠢᠨ ᠬᠤᠶᠢᠨ᠎ᠠ 2᠄ 30 — 5᠄ | 30︶ | ᠵᠢᠵᠢᠭᠦᠷᠯᠡᠬᠦ ᠤᠲᠠᠰᠤ᠄ 0471 — 6606581᠂ 15754946601 ︵8᠄ 00 —20 | ᠄ 00︶ | ᠰᠢᠦᠳᠠᠨ ᠳ᠋ᠤᠭᠠᠷ᠄ 010000 ᠰᠢᠦᠳᠠᠨ ᠤ ᠵᠠᠬᠢᠳᠠᠯ ᠤᠨ ᠬᠠᠶᠢᠷᠴᠠᠭ᠄ ᠬᠥᠬᠡᠬᠤᠲᠠ ᠶᠢᠨ 2538 | ᠵᠠᠬᠢᠳᠠᠯ ᠤᠨ ᠬᠠᠶᠢᠷᠴᠠᠭ | ᠡᠯᠧᠺᠲᠷᠣᠨ ᠰᠢᠦᠳᠠᠨ ᠬᠠᠶᠢᠷᠴᠠᠭ᠄ nmgdwxssz@163.com | ᠲᠣᠭᠤᠷᠢᠨ ᠪᠠᠶᠢᠴᠠᠭᠠᠬᠤ ᠰᠠᠨᠠᠯ ᠬᠤᠷᠢᠶᠠᠬᠤ ᠬᠠᠶᠢᠷᠴᠠᠭ ᠤᠨ ᠪᠠᠶᠢᠷᠢ᠄ | 1 . ᠶᠢᠨ ᠰᠦᠢ ᠲᠣᠮᠤ ᠪᠠᠭᠤᠳᠠᠯ ᠤᠨ ᠡᠮᠦᠨ᠎ᠡ ᠭᠠᠳᠠᠨ᠎ᠠ ᠬᠡᠷᠡᠮ | 2 . ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠶᠡᠭᠡ | ᠡᠭᠦᠳᠡᠨ ᠤ ᠵᠡᠭᠦᠨ ᠲᠠᠯ᠎ᠠ ᠶᠢᠨ ᠵᠠᠬᠢᠳᠠᠯ ᠰᠤᠷᠪᠤᠯᠵᠢᠯᠠᠯ ᠤᠨ ᠰᠤᠷᠦᠭᠡ ᠶᠢᠨ ᠳᠡᠷᠭᠡᠳᠡ | 3 . ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠠᠯᠪᠠᠨ ᠠᠰᠠᠷ ᠤᠨ 5 | ᠳ᠋ᠤᠭᠠᠷ ᠳᠠᠪᠬᠤᠷᠭ᠎ᠠ ᠶᠢᠨ ᠴᠠᠬᠢᠯᠭᠠᠨ ᠱᠠᠲᠤᠨ ᠤ ᠡᠰᠡᠷᠭᠦ ᠲᠠᠯ᠎ᠠ | 4 . ᠥᠪᠡᠷᠲᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠤᠨ | ᠡᠮᠦᠨ᠎ᠡ ᠡᠭᠦᠳᠡᠨ ᠤ ᠪᠠᠷᠠᠭᠤᠨ ᠲᠠᠯ᠎ᠠ ᠳᠠᠬᠢ ᠵᠠᠬᠢᠳᠠᠯ ᠰᠤᠷᠪᠤᠯᠵᠢᠯᠠᠯ ᠤᠨ ᠥᠷᠦᠭᠡ ᠶᠢᠨ ᠳᠡᠷᠭᠡᠳᠡ | ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠢ ᠡᠮᠬᠢ ᠵᠢᠷᠤᠮ ᠲᠠᠢ ᠪᠠᠷ ᠦᠷᠨᠢᠭᠦᠯᠬᠦ ᠶᠢ ᠦᠨᠡᠨ ᠬᠦ | ᠪᠠᠲᠤᠯᠠᠬᠤ ᠶᠢᠨ ᠲᠤᠰᠠᠳᠠ᠂ ᠥᠷᠭᠡᠨ ᠣᠯᠠᠨ ᠺᠠᠳ᠋ᠷ ᠣᠯᠠᠨ ᠲᠦᠮᠡᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠠᠵᠢᠯ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠨ᠎ᠠ᠃ | ᠬᠢᠨᠠᠯᠲᠠ ᠲᠠᠯᠪᠢᠬᠤ ᠠᠵᠢᠯ ᠤᠨ ᠡᠯᠧᠺᠲᠷᠣᠨ ᠵᠠᠬᠢᠳᠠᠯ ᠤᠨ ᠬᠠᠶᠢᠷᠴᠠᠭ᠄ nmdwxsjd@163. | com | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ | ᠲᠣᠭᠤᠷᠢᠨ ᠪᠠᠶᠢᠴᠠᠭᠠᠬᠤ ᠳᠤᠭᠤᠶᠢᠯᠠᠩ | | 2016 ᠣᠨ ᠤ 7 ᠳ᠋ᠤᠭᠠᠷ ᠰᠠᠷ᠎ᠠ ᠶᠢᠨ 7 ᠤ ᠡᠳᠦᠷ |