ᠦᠬᠠᠶ ᠬᠤᠳᠠ ᠳᠡᠭᠡᠷ᠎ᠡ ᠬᠠᠭᠠᠰ ᠵᠢᠯ ᠳᠤ ᠳᠥᠭᠦᠮ ᠪᠦᠳᠦᠴᠡᠳᠦ ᠣᠷᠣᠨ ᠰᠠᠭᠤᠴᠠ ᠶᠢ ᠦᠬᠡᠷᠡᠴᠢᠯᠡᠨ ᠲᠥᠪᠬᠢᠨᠡᠭᠦᠯᠬᠦ 5263 ᠡᠷᠦᠬᠡ ᠣᠷᠣᠨ ᠰᠠᠭᠤᠴᠠ ᠶᠢᠨ ᠪᠠᠷᠢᠯᠭ᠎ᠠ ᠶᠢ ᠡᠬᠢᠯᠡᠭᠦᠯᠦᠨ ᠪᠥᠳᠥᠭᠡᠨ ᠪᠠᠶᠢᠭᠤᠯᠪᠠ
ᠨᠡᠶᠢᠲᠡᠯᠡᠭᠰᠡᠨ ᠴᠠᠭ᠄
2016/7/15
      ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ ᠦᠬᠠᠶ ᠬᠤᠳᠠ ᠳᠤ 9371 ᠡᠷᠦᠭᠡ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠡᠭᠦᠷᠭᠡ ᠶᠢ ᠲᠤᠭᠲᠠᠭᠠᠪᠠ᠃ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠦᠬᠠᠶ ᠬᠤᠳᠠ ᠠᠴᠠ 5263 ᠡᠷᠦᠭᠡ ᠶᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠪᠠᠷᠢᠯᠭ᠎ᠠ ᠡᠬᠢᠯᠡᠭᠦᠯᠵᠤ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ ᠨᠢ 56.2%᠎ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠳᠡᠭᠡᠷ᠎ᠡ ᠬᠠᠭᠠᠰ ᠵᠢᠯ ᠤᠨ ᠠᠵᠢᠯ ᠤᠨ ᠬᠠᠷᠠᠯᠲᠠ ᠪᠠᠨ ᠪᠡᠶᠡᠯᠡᠭᠦᠯᠪᠡ᠃      ᠡᠨᠡ ᠵᠢᠯ ᠪᠣᠯ ᠦᠬᠠᠶ ᠬᠤᠲᠠ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠦᠭᠡᠷᠡᠴᠢᠯᠡᠬᠦ ᠰᠢᠪᠲᠤᠯᠤᠯᠲᠠ ᠶᠢᠨ ᠵᠢᠯ ᠪᠤᠯᠤᠨ᠎ᠠ᠂ ᠨᠡᠩ ᠤᠯᠠᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠶᠢᠨ ᠲᠤᠯᠠᠳᠠ᠂ ᠦᠬᠠᠶ ᠬᠤᠳᠠ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠪᠤᠯᠤᠨ ᠣᠷᠣᠨ ᠰᠠᠭᠤᠴᠠ ᠶᠢᠨ ᠣᠷᠴᠢᠨ ᠲᠤᠭᠤᠷᠢᠨ ᠢ ᠰᠠᠶᠢᠵᠢᠷᠠᠭᠤᠯᠬᠤ ᠠᠴᠠ ᠡᠭᠦᠰᠴᠦ᠂ ᠭᠡᠷ ᠪᠠᠶᠢᠰᠢᠩ ᠢ ᠲᠠᠲᠠᠪᠤᠷᠢᠯᠠᠨ ᠠᠪᠬᠤ ᠪᠠᠷ ᠰᠢᠪᠲᠤᠯᠤᠯᠲᠠ ᠪᠣᠯᠭᠠᠵᠤ᠂ ᠬᠠᠳᠠᠭᠠᠯᠠᠭᠳᠠᠵᠤ ᠪᠠᠶᠢᠭ᠎ᠠ ᠲᠠᠸᠠᠷ ᠤᠨ ᠭᠡᠷ ᠪᠠᠶᠢᠰᠢᠩ ᠢ ᠰᠢᠩᠭᠡᠭᠡᠬᠦ ᠪᠠᠷ ᠵᠣᠭᠰᠣᠴᠠ ᠪᠣᠯᠭᠠᠵᠤ᠂ ᠦᠬᠠᠶ ᠬᠤᠳᠠ ᠳᠤ 9371 ᠡᠷᠦᠭᠡ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠪᠠᠷ ᠥᠪᠡᠷᠲᠡᠭᠡᠨ ᠵᠠᠰᠠᠬᠤ ᠣᠷᠣᠨ ᠠᠴᠠ ᠲᠤᠭᠲᠠᠭᠠᠭᠰᠠᠨ ᠬᠠᠷᠠᠯᠲᠠ ᠪᠠ ᠡᠭᠦᠷᠭᠡ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠪᠠᠰᠠ ᠭᠤᠷᠪᠠᠨ ᠲᠤᠭᠤᠷᠢᠭ ᠤᠨ ᠵᠠᠰᠠᠭ ᠤᠨ ᠣᠷᠳᠣᠨ ᠯᠤᠭ᠎ᠠ 30384 ᠡᠷᠦᠬᠡ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠬᠠᠷᠠᠯᠲᠠ ᠶᠢ ᠲᠤᠭᠲᠠᠭᠠᠵᠤ᠂ 8162 ᠡᠷᠦᠭᠡ ᠶᠢ ᠦᠨᠳᠦᠰᠦᠨ ᠳᠡᠭᠡᠨ ᠪᠠᠶᠢᠭᠤᠯᠵᠤ᠂ 666 ᠡᠷᠦᠭᠡ ᠳᠤ ᠣᠷᠣᠨ ᠰᠠᠭᠤᠴᠠ ᠳᠦᠷᠢᠶᠡᠰᠦᠯᠡᠨ ᠬᠤᠪᠢᠶᠠᠷᠢᠯᠠᠵᠤ᠂ ᠰᠢᠨ᠎ᠡ ᠪᠠᠷ ᠨᠡᠮᠡᠭᠰᠡᠨ 150 ᠡᠷᠤᠭᠡ ᠳᠤ ᠲᠦᠷᠢᠶᠡᠰᠦᠨ ᠨᠥᠬᠦᠪᠥᠷᠢ ᠤᠯᠭᠤᠪᠠ᠃ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠦᠬᠠᠶ ᠬᠤᠳᠠ ᠠᠴᠠ 5263 ᠡᠷᠦᠬᠡ ᠶᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠪᠠᠷᠢᠯᠭ᠎ᠠ ᠡᠬᠢᠯᠡᠭᠦᠯᠵᠠᠢ᠂ ᠡᠭᠦᠨ ᠳᠤ 2982 ᠡᠷᠦᠬᠡ ᠶᠢ ᠵᠤᠭᠤᠰᠴᠢᠯᠠᠨ ᠲᠦᠪᠬᠢᠨᠡᠭᠦᠯᠵᠤ᠂ ᠵᠤᠭᠤᠰᠴᠢᠯᠠᠨ ᠲᠦᠪᠬᠢᠨᠡᠭᠦᠯᠦᠭᠰᠡᠨ ᠨᠤᠷᠮ᠎ᠠ ᠨᠢ 56.6%᠎ ᠳᠤ ᠬᠦᠷᠪᠡ︔ 3937 ᠡᠷᠦᠭᠡ ᠲᠠᠢ ᠭᠡᠷ ᠪᠠᠶᠢᠰᠢᠩ ᠲᠠᠲᠠᠪᠤᠷᠢᠯᠠᠨ ᠠᠪᠬᠤ ᠵᠦᠪᠳᠡᠯᠴᠡᠭᠡᠷ ᠲᠤᠭᠲᠠᠪᠠ︔ ᠰᠢᠨ᠎ᠡ ᠪᠠᠷ ᠨᠡᠮᠡᠭᠰᠡᠨ 72 ᠡᠷᠦᠬᠡ ᠳᠤ ᠭᠡᠷ ᠪᠠᠶᠢᠰᠢᠩ ᠤᠨ ᠲᠦᠷᠢᠶᠡᠰᠦᠨ ᠤ ᠨᠥᠬᠦᠪᠥᠷᠢ ᠤᠯᠭᠤᠪᠠ  ᠃      ᠦᠬᠠᠶ ᠬᠤᠳᠠ ᠶᠢᠨ ᠭᠤᠷᠪᠠᠨ ᠲᠤᠭᠤᠷᠢᠭ ᠵᠢᠯ ᠤᠨ ᠡᠬᠢᠨ ᠳᠤ ᠲᠣᠭᠲᠠᠭᠠᠭᠰᠠᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠬᠠᠷᠠᠯᠲᠠ ᠶᠢᠨ ᠶᠣᠰᠣᠭᠠᠷ᠂ ᠲᠥᠷᠥᠯ ᠵᠦᠢᠯ ᠢ ᠵᠢᠷᠤᠵᠤ ᠲᠦᠯᠦᠪᠯᠡᠬᠦ᠂ ᠭᠡᠷ ᠪᠠᠶᠢᠰᠢᠩ ᠲᠠᠲᠠᠪᠤᠷᠢᠯᠠᠨ ᠠᠪᠬᠤ᠂ ᠲᠥᠷᠥᠯ ᠵᠦᠢᠯ ᠤᠨ ᠵᠢᠭᠡᠯᠡᠯᠭᠡ ᠲᠠᠯᠪᠢᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠤᠳ ᠢ ᠴᠢᠩᠭ᠎ᠠ ᠠᠳᠬᠤᠨ ᠰᠠᠶᠢᠲᠤᠷ ᠬᠢᠵᠤ᠂ ᠲᠠᠸᠠᠷ ᠤᠨ ᠭᠡᠷ ᠪᠠᠶᠢᠰᠢᠩ ᠪᠣᠯᠤᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠲᠠᠯ᠎ᠠ ᠪᠠᠷ ᠶᠡᠭᠡ ᠬᠡᠮᠵᠢᠶᠡᠨ ᠤ ᠲᠤᠷᠰᠢᠯᠲᠠ ᠬᠢᠭᠰᠡᠨ ᠪᠠᠶᠢᠨ᠎ᠠ  ᠃ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠬᠠᠶᠢᠷᠤᠪ ᠤᠨ ᠲᠣᠬᠤᠶ ᠲᠣᠭᠤᠷᠢᠭ ᠨᠢᠭᠡᠨᠲᠡ 14 ᠲᠤᠭᠤᠷᠢᠭ ᠢ ᠡᠬᠢᠯᠡᠨ ᠲᠠᠲᠠᠪᠤᠷᠢᠯᠠᠵᠤ᠂ 11 ᠲᠤᠭᠤᠷᠢᠭ ᠢ ᠲᠠᠲᠠᠪᠤᠷᠢᠯᠠᠬᠤ ᠠᠯᠪᠠᠨ ᠵᠠᠷ ᠨᠡᠶᠢᠲᠡᠯᠡᠵᠦ᠂ 1721 ᠡᠷᠦᠬᠡ ᠲᠠᠢ ᠭᠡᠷ ᠪᠠᠶᠢᠰᠢᠩ ᠲᠠᠲᠠᠪᠤᠷᠢᠯᠠᠬᠤ ᠵᠦᠪᠳᠡᠯᠴᠡᠭᠡᠷ ᠲᠤᠭᠲᠠᠪᠠ︔ ᠤᠳᠠ ᠲᠣᠭᠤᠷᠢᠭ ᠲᠤ ᠨᠡᠶᠢᠳᠡ 3 ᠲᠤᠭᠤᠷᠢᠭ ᠠᠴᠠ 2053 ᠡᠷᠦᠬᠡ ᠭᠡᠷ ᠪᠠᠶᠢᠰᠢᠩ ᠢ ᠲᠠᠲᠠᠪᠤᠷᠢᠯᠠᠭᠰᠠᠨ ᠪᠠᠶᠢᠨ᠎ᠠ︔ ᠬᠠᠶᠢᠨᠠᠨ ᠲᠣᠭᠤᠷᠢᠭ ᠲᠤ ᠨᠡᠶᠢᠳᠡ 3 ᠲᠤᠭᠤᠷᠢᠭ ᠤᠨ 1213 ᠡᠷᠦᠭᠡ ᠤᠷᠤᠨ ᠰᠠᠭᠤᠴᠠ ᠶᠢᠨ ᠠᠵᠢᠯ ᠢ ᠡᠬᠢᠯᠡᠭᠦᠯᠬᠦ ᠪᠠᠷ ᠳᠡᠭᠡᠭᠰᠢ ᠮᠡᠳᠡᠭᠦᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠬᠠᠷᠠᠯᠲᠠ ᠲᠠᠢ ᠬᠠᠷᠢᠴᠠᠭᠤᠯᠪᠠᠯ᠂ ᠠᠵᠢᠯ ᠡᠬᠢᠯᠡᠭᠦᠯᠦᠭᠰᠡᠨ ᠨᠣᠷᠮ᠎ᠠ ᠨᠢ 60.7%᠎ ᠳᠤ ᠬᠦᠷᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号