ᠲᠦᠩᠯᠢᠶᠣᠤ ᠬᠤᠳᠠ ᠵᠤᠨ ᠤ ᠠᠮᠠᠷᠠᠯᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠬᠤᠶᠠᠷ ᠰᠠᠷ᠎ᠠ ᠦᠷᠨᠢᠭᠦᠯᠪᠡ
ᠨᠡᠶᠢᠲᠡᠯᠡᠭᠰᠡᠨ ᠴᠠᠭ᠄
2016/7/19
     ᠵᠤᠨ ᠤ ᠠᠮᠠᠷᠠᠯᠲᠠ ᠶᠢᠨ ᠴᠢᠯᠦᠭᠡᠨ ᠤ ᠬᠤᠭᠤᠴᠠᠭ᠎ᠠ ᠤᠷᠳᠦ ᠪᠤᠯᠬᠤᠷ᠂ ᠰᠦᠯᠵᠢᠶᠡᠨ ᠤ ᠪᠠᠭᠠᠷ ᠤᠳ ᠲᠣᠭᠲᠠᠭᠠᠯ ᠠᠴᠠ ᠵᠥᠷᠢᠴᠡᠨ ᠨᠠᠰᠤᠨ ᠳᠤ ᠦᠯᠦ ᠭᠦᠷᠦᠭᠰᠡᠳ ᠢ ᠣᠷᠣᠭᠤᠯᠵᠤ ᠪᠠᠶᠢᠬᠤ ᠵᠡᠷᠭᠡ ᠪᠠᠶᠢᠳᠠᠯ ᠳᠤ ᠴᠢᠭᠯᠡᠭᠦᠯᠦᠨ᠂ ᠬᠤᠳᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ︽2016 ᠣᠨ ᠤ ᠪᠦᠬᠦ ᠬᠤᠲᠠ ᠶᠢᠨ ᠵᠤᠨ ᠤ ᠠᠮᠠᠷᠠᠯᠲᠠ ᠶᠢᠨ ᠬᠤᠭᠤᠴᠠᠭᠠᠨ ᠤ ᠰᠣᠶᠣᠯ ᠤᠨ ᠵᠠᠬ᠎ᠠ ᠳᠡᠯᠭᠡᠭᠦᠷ ᠤᠨ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾᠎ ᠢ ᠨᠡᠶᠢᠲᠡᠯᠡᠵᠦ᠂ 7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ 8 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠵᠤᠨ ᠤ ᠠᠮᠠᠷᠠᠯᠲᠠ ᠶᠢᠨ ᠬᠤᠭᠤᠴᠠᠭᠠᠨ ᠤ ᠰᠣᠶᠣᠯ ᠤᠨ ᠵᠠᠬ᠎ᠠ ᠳᠡᠯᠭᠡᠭᠦᠷ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠬᠤᠲᠠ ᠶᠢᠨ ᠬᠡᠪᠴᠢᠶᠡᠨ ᠳᠤ ᠬᠤᠶᠠᠷ ᠰᠠᠷ᠎ᠠ ᠦᠷᠨᠢᠭᠦᠯᠬᠦ ᠪᠠᠷ ᠪᠠᠶᠢᠷᠢᠯᠠᠭᠤᠯᠪᠠ᠃      ᠲᠤᠰ ᠤᠳᠠᠭᠠᠨ ᠤ ᠠᠵᠢᠯᠯᠠᠭᠠᠨ ᠤ ᠴᠡᠭᠴᠡᠯᠡᠨ ᠵᠠᠰᠠᠬᠤ ᠬᠡᠪᠴᠢᠶ᠎ᠡ ᠭᠡᠪᠡᠯ ᠡᠵᠡᠩᠨᠡᠯᠲᠡ ᠶᠢᠨ ᠴᠢᠨᠠᠷᠲᠠᠶ ᠲᠣᠭᠯᠠᠯᠲᠠ᠂ ᠢᠨᠲ᠋ᠧᠷ ᠰᠦᠯᠵᠢᠶᠡᠨ ᠳᠤ ᠭᠠᠷᠬᠤ ᠦᠢᠯᠡᠴᠢᠯᠡᠭᠡ᠂ ᠲᠤᠤᠷ ᠰᠦᠯᠵᠢᠶᠡᠨ ᠤ ᠰᠤᠶᠤᠯ᠂ ᠳᠠᠭᠤᠤ ᠪᠦᠵᠢᠭ ᠵᠤᠭ᠎ᠠ ᠴᠡᠩᠭᠡᠯ᠂ ᠡᠯᠧᠺᠲᠷᠣᠨ ᠲᠣᠭᠯᠠᠭᠠᠮ ᠵᠡᠷᠭᠡ ᠡᠵᠡᠩᠨᠡᠯᠲᠡ ᠶᠢᠨ ᠨᠢᠭᠡᠴᠡ ᠪᠠ ᠠᠵᠢᠯᠯᠠᠭ᠎ᠠ ᠵᠡᠷᠭᠡ ᠪᠤᠯᠤᠨ᠎ᠠ᠃ ᠢᠨᠲ᠋ᠧᠷ ᠰᠦᠯᠵᠢᠶᠡᠨ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠤᠳ ᠤᠨ ᠨᠠᠰᠤᠨ ᠳᠤ ᠦᠯᠦ ᠭᠦᠷᠦᠭᠰᠡᠳ ᠢ ᠤᠷᠤᠭᠤᠯᠬᠤ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠢᠯᠠᠩᠭᠤᠶ᠎ᠠ ᠢᠨᠲ᠋ᠧᠷ ᠰᠦᠯᠵᠢᠶᠡᠨ ᠎ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠭᠠᠵᠠᠷ ᠡᠭᠦᠳᠡ ᠴᠤᠩᠬᠤ ᠪᠠᠨ ᠳᠠᠷᠤᠨ ᠨᠠᠰᠤᠨ ᠳᠤ ᠦᠯᠦ ᠭᠦᠷᠦᠭᠰᠡᠳ ᠢ ᠤᠷᠤᠭᠤᠯᠤᠭᠰᠠᠨ᠂ ᠨᠠᠰᠤᠨ ᠳᠤ ᠦᠯᠦ ᠭᠦᠷᠦᠭᠰᠡᠳ ᠢ ᠤᠯᠠᠨᠲᠠ ᠤᠷᠤᠭᠤᠯᠤᠭᠰᠠᠨ᠂ ᠨᠠᠰᠤᠨ ᠳᠤ ᠦᠯᠤ ᠬᠥᠷᠦᠭᠰᠡᠳ ᠲᠤ ᠺᠠᠷᠲ ᠨᠤᠮᠧᠷ ᠪᠤᠶᠤ ᠪᠤᠰᠤᠳ ᠤᠨ ᠪᠡᠶ᠎ᠡ ᠶᠢᠨ ᠦᠨᠡᠮᠯᠡᠯ ᠤᠨ ᠭᠡᠷᠡᠴᠢ ᠲᠡᠮᠳᠡᠭ ᠬᠠᠩᠭᠠᠨ ᠰᠦᠯᠵᠢᠶᠡᠨ ᠳᠤ ᠤᠷᠤᠭᠤᠯᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠰᠠᠭᠤᠭᠠᠯᠢ ᠠᠷᠠᠳ ᠤᠨ ᠠᠰᠠᠷ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠬᠢᠭᠡᠳ ᠣᠷᠴᠢᠨ ᠲᠣᠭᠤᠷᠢᠨ ᠮᠠᠭᠤ ᠭᠠᠵᠠᠷ ᠢ ᠪᠠᠶᠢᠴᠠᠭᠠᠨ ᠰᠢᠢᠳᠪᠦᠷᠢᠯᠡᠵᠦ᠂ ᠢᠨᠲ᠋ᠧᠷ ᠰᠦᠯᠵᠢᠶᠡᠨ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠭᠠᠵᠠᠷ ᠢ ᠳᠤᠷ᠎ᠠ ᠪᠠᠷ ᠢᠶᠠᠨ ᠪᠠᠶᠢᠭᠤᠯᠤᠭᠰᠠᠨ ᠪᠤᠶᠤ ᠢᠨᠲ᠋ᠧᠷ ᠰᠦᠯᠵᠢᠶᠡᠨ ᠤ ᠰᠦᠯᠵᠢᠶᠡᠨ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢ ᠳᠤᠷ᠎ᠠ ᠪᠠᠷ ᠢᠶᠠᠨ ᠬᠢᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号