ᠮᠠᠨᠵᠤᠤᠷ᠄ ᠳᠤᠮᠳᠠᠳᠤ ᠤᠯᠤᠰ ᠤᠨ ᠠᠶᠠᠨᠴᠢᠳ ᠤᠨ ᠦᠪᠡᠷ ᠤᠨ ᠵᠢᠵᠢᠭ ᠮᠠᠰᠢᠨ ᠢᠶᠠᠷ ᠢᠶᠠᠨ ᠣᠷᠣᠰ ᠲᠤ ᠵᠢᠭᠤᠯᠴᠢᠯᠠᠬᠤ ᠳᠤ ᠵᠠᠮ ᠬᠠᠷᠢᠯᠴᠠᠭᠠᠨ ᠤ ᠳᠦᠬᠦᠮ ᠦᠵᠡᠬᠦᠯᠬᠦ ᠠᠷᠭ᠎ᠠ ᠬᠡᠮᠵᠢᠶ᠎ᠡ ᠶᠢ ᠡᠬᠢᠯᠡᠨ ᠬᠡᠷᠡᠭᠵᠢᠬᠦᠯᠪᠡ
ᠨᠡᠶᠢᠲᠡᠯᠡᠭᠰᠡᠨ ᠴᠠᠭ᠄
2016/7/19
      ᠣᠶᠢᠷ᠎ᠠ ᠳᠤ᠂ ᠳᠤᠮᠳᠠᠳᠤ ᠤᠯᠤᠰ ᠤᠨ  ᠠᠶᠠᠨᠴᠢᠳ ᠤᠨ ᠦᠪᠡᠷ ᠤᠨ ᠵᠢᠵᠢᠭ ᠮᠠᠰᠢᠨ ᠢᠶᠠᠷ ᠢᠶᠠᠨ ᠣᠷᠣᠰ ᠲᠤ ᠵᠢᠭᠤᠯᠴᠢᠯᠠᠬᠤ ᠳᠤ ᠵᠠᠮ ᠬᠠᠷᠢᠯᠴᠠᠭᠠᠨ ᠤ ᠳᠦᠭᠦᠮ ᠦᠵᠡᠭᠦᠯᠬᠦ ᠠᠷᠭ᠎ᠠ ᠬᠡᠮᠵᠢᠶ᠎ᠡ ᠶᠢ ᠡᠬᠢᠯᠡᠨ ᠬᠡᠷᠡᠭᠵᠢᠬᠦᠯᠬᠦ ᠶᠣᠰᠣᠯᠠᠯ ᠤᠯᠤᠰ ᠤᠨ ᠬᠢᠯᠢ ᠶᠢᠨ ᠡᠬᠦᠳᠡ ᠶᠢᠨ ᠦᠵᠡᠮᠵᠢᠲᠦ ᠣᠷᠣᠨ ᠳᠤ ᠬᠤᠷᠠᠯᠳᠤᠪᠠ᠃ ᠮᠠᠨᠵᠤᠤᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠤᠣ ᠸᠧᠨ ᠡᠾᠧ᠂ ᠣᠷᠣᠰ ᠤᠨ ᠬᠤᠶᠢᠲᠤ ᠪᠠᠶᠢᠭᠠᠯ ᠬᠢᠵᠠᠭᠠᠷ ᠣᠷᠣᠨ ᠤ ᠤᠯᠠᠨ ᠤᠯᠤᠰ ᠤᠨ ᠬᠠᠮᠲᠤᠷᠠᠯᠴᠠᠭ᠎ᠠ᠂ ᠭᠠᠳᠠᠭᠠᠳᠤ ᠲᠠᠢ ᠠᠵᠤ ᠠᠬᠤᠶ ᠶᠢᠨ ᠲᠠᠯ᠎ᠠ ᠪᠠᠷ ᠬᠠᠷᠢᠯᠴᠠᠬᠤ ᠶᠠᠮᠤᠨ ᠤ ᠰᠠᠶᠢᠳ ᠺᠠᠷᠰᠠᠨᠦ᠋ᠸᠧᠹ ᠵᠢᠴᠢ ᠬᠢᠯᠢ ᠶᠢᠨ ᠪᠣᠭᠤᠮᠲᠠ᠂ ᠤᠯᠤᠰ ᠤᠨ ᠪᠠᠶᠢᠴᠠᠭᠠᠯᠲᠠ᠂ ᠬᠢᠯᠢ ᠶᠢᠨ ᠪᠠᠶᠢᠴᠠᠭᠠᠯᠲᠠ᠂ ᠵᠢᠭᠤᠯᠴᠢᠯᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠣᠭᠤᠮᠲᠠ ᠶᠢᠨ ᠠᠯᠪᠠᠨ ᠭᠡᠷ᠂ ᠭᠠᠳᠠᠭᠠᠳᠤ ᠶᠠᠪᠤᠳᠠᠯ ᠤᠨ ᠭᠠᠵᠠᠷ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠭᠤᠤ ᠸᠧᠨ ᠾᠧ ᠪᠣᠯᠤᠨ ᠺᠠᠷᠰᠠᠨᠦ᠋ᠸᠧᠹ ᠬᠤᠶᠠᠭᠤᠯᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠳᠠ ᠬᠢᠭᠡᠳ ᠬᠤᠶᠢᠲᠤ ᠪᠠᠶᠢᠭᠠᠯ ᠬᠢᠵᠠᠭᠠᠷ ᠣᠷᠣᠨ ᠤ ᠲᠥᠯᠥᠭᠡᠯᠡᠭᠴᠢᠳ ᠤᠨ ᠪᠦᠯᠬᠦᠮ ᠤᠨ ᠬᠠᠮᠲᠤ ᠪᠠᠷ ᠭᠠᠷ ᠤᠨ ᠦᠰᠦᠭ ᠵᠢᠷᠤᠭᠰᠠᠨ ︽8 ᠰᠠᠭᠤᠳᠠᠯ ᠲᠠᠢ ᠮᠠᠰᠢᠨ ᠲᠡᠷᠭᠡ ᠮᠠᠨᠵᠤᠤᠷ — ᠬᠤᠶᠢᠲᠤ ᠪᠠᠶᠢᠭᠠᠯ ᠤᠨ ᠬᠢᠯᠢ ᠪᠠᠷ ᠤᠷᠤᠵᠤ ᠭᠠᠷᠬᠤ ᠬᠠᠮᠢᠶ᠎ᠠ ᠪᠦᠭᠦᠢ ᠤᠴᠢᠷ ᠶᠠᠪᠤᠳᠠᠯ ᠤᠨ ᠲᠤᠬᠠᠢ ᠬᠤᠶᠠᠷ ᠲᠠᠯ᠎ᠠ ᠶᠢᠨ ᠬᠡᠯᠡᠯᠴᠡᠭᠰᠡᠨ ᠲᠣᠪᠴᠢ ᠲᠡᠮᠳᠡᠭᠯᠡᠯ︾᠎ ᠢ ᠰᠤᠯᠢᠯᠴᠠᠭᠰᠠᠨ ᠤ ᠬᠠᠮᠲᠤ ᠪᠦᠮᠪᠦᠭᠡᠪᠴᠢ ᠳᠠᠷᠤᠭᠤᠯ ᠢ ᠳᠠᠷᠤᠵᠤ᠂ ᠦᠪᠡᠷ ᠤᠨ ᠮᠠᠰᠢᠨ ᠢᠶᠠᠷ ᠢᠶᠠᠨ ᠣᠷᠣᠰ ᠲᠤ ᠵᠢᠭᠤᠯᠴᠢᠯᠠᠬᠤ ᠳᠤ ᠳᠦᠭᠦᠮ ᠦᠵᠡᠭᠦᠯᠬᠦ ᠠᠷᠭ᠎ᠠ ᠬᠡᠮᠵᠢᠶ᠎ᠡ ᠶᠢ ᠡᠬᠢᠯᠡᠨ ᠬᠡᠷᠡᠭᠵᠢᠬᠦᠯᠪᠡ᠃      ᠳᠤᠮᠳᠠᠳᠤ ᠣᠷᠣᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠤ ᠬᠢᠯᠢ ᠳᠠᠪᠠᠨ ᠵᠢᠭᠤᠯᠴᠢᠯᠠᠬᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠶᠢᠨ ᠲᠤᠯᠠᠳᠠ᠂ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠤᠶᠢᠲᠤ ᠪᠠᠶᠢᠭᠠᠯ ᠬᠢᠵᠠᠭᠠᠷ ᠣᠷᠣᠨ ᠤ ᠵᠠᠰᠠᠭ ᠤᠨ ᠣᠷᠳᠣᠨ ᠬᠤᠶᠠᠷ ᠲᠠᠯ᠎ᠠ ᠶᠢᠨ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠬᠠᠮᠲᠤᠷᠠᠵᠤ ᠪᠠᠶᠢᠭᠠᠳ ᠬᠢᠯᠢ ᠳᠠᠪᠠᠭ᠋ᠤ ᠵᠢᠭᠤᠯᠴᠢᠯᠠᠯ ᠤᠨ ᠪᠣᠭᠤᠮᠲᠠ ᠪᠠᠷ ᠥᠩᠭᠡᠷᠡᠬᠦ ᠶᠢ ᠳᠦᠭᠦᠮᠴᠢᠯᠡᠭᠦ ᠰᠢᠨ᠎ᠡ ᠬᠡᠯᠪᠡᠷᠢ ᠮᠠᠶ᠋ᠢᠭ᠂ ᠰᠢᠨ᠎ᠡ ᠠᠷᠭ᠎ᠠ ᠵᠡᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠪᠡ᠃ ᠣᠯᠠᠨ ᠡᠭᠡᠯᠵᠢ ᠵᠦᠪᠳᠡᠯᠴᠡᠭᠡᠳ ᠳᠤᠮᠳᠠᠳᠤ ᠤᠯᠤᠰ ᠤᠨ 8 ᠰᠠᠭᠤᠳᠠᠯ ᠠᠴᠠ ᠳᠣᠷᠣᠭᠰᠢᠬᠢ ᠵᠢᠵᠢᠭ ᠮᠠᠰᠢᠨ ᠢᠶᠠᠷ ᠣᠷᠣᠰ ᠲᠤ ᠵᠢᠭᠤᠯᠴᠢᠯᠠᠬᠤ ᠳᠤ ᠵᠠᠮ ᠬᠠᠷᠢᠯᠴᠠᠭᠠᠨ ᠤ ᠳᠦᠭᠦᠮ ᠦᠵᠡᠭᠦᠯᠬᠦ ᠠᠷᠭ᠎ᠠ ᠬᠡᠮᠵᠢᠶ᠎ᠡ ᠳᠤ ᠰᠠᠨᠠᠯ ᠨᠢᠭᠡᠳᠦᠭᠰᠡᠨ ᠪᠠᠶᠢᠨ᠎ᠠ᠃      ᠲᠤᠰ ᠲᠥᠷᠥᠯ ᠵᠦᠢᠯ ᠤᠨ ᠤᠷᠤᠭᠰᠢᠲᠠᠶ ᠥᠷᠨᠢᠬᠦ ᠶᠢ ᠠᠬᠢᠭᠤᠯᠬᠤ ᠶᠢᠨ ᠲᠤᠯᠠᠳᠠ᠂ ᠮᠠᠨᠵᠤᠤᠷ ᠬᠤᠲᠠ ᠶᠢᠨ ᠵᠠᠰᠠᠭ ᠤᠨ ᠣᠷᠳᠣᠨ ︽ᠮᠠᠨᠵᠤᠤᠷ ᠬᠤᠳᠠ ᠶᠢᠨ ᠳᠤᠮᠳᠠᠳᠤ ᠤᠯᠤᠰ ᠤᠨ ᠠᠶᠠᠨᠴᠢᠳ ᠦᠪᠡᠷ ᠤᠨ ᠵᠢᠵᠢᠭ ᠮᠠᠰᠢᠨ ᠢᠶᠠᠷ ᠬᠢᠯᠢ ᠪᠠᠷ ᠤᠷᠤᠵᠤ ᠭᠠᠷᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠤᠰᠬᠠᠶ ᠲᠣᠭᠲᠠᠭᠠᠨ ᠨᠡᠶᠢᠲᠡᠯᠡᠪᠡ︔ ᠣᠷᠣᠰ ᠤᠨ ᠬᠤᠶᠢᠲᠤ ᠪᠠᠶᠢᠭᠠᠯ ᠬᠢᠵᠠᠭᠠᠷ ᠣᠷᠣᠨ ᠴᠤ ᠳᠤᠮᠳᠠᠳᠤ ᠤᠯᠤᠰ ᠤᠨ ᠠᠶᠠᠨᠴᠢᠳ ᠦᠪᠡᠷ ᠤᠨ ᠵᠢᠵᠢᠭ ᠮᠠᠰᠢᠨ ᠢᠶᠠᠷ ᠢᠶᠠᠨ ᠣᠷᠣᠰ ᠲᠤ ᠵᠢᠭᠤᠯᠴᠢᠯᠠᠬᠤ ᠪᠠᠷ ᠣᠷᠣᠵᠤ ᠭᠠᠷᠬᠤ ᠬᠠᠮᠢᠶ᠎ᠠ ᠪᠦᠬᠦᠢ ᠬᠠᠮᠢᠶᠠᠷᠤᠯᠲᠠ ᠪᠠ ᠦᠢᠯᠡᠴᠢᠯᠡᠭᠡᠨ ᠤ ᠠᠷᠭ᠎ᠠ ᠬᠡᠮᠵᠢᠶ᠎ᠡ ᠲᠤᠭᠲᠠᠭᠠᠵᠠᠢ᠃      ᠳᠤᠮᠳᠠᠳᠤ ᠤᠯᠤᠰ ᠠᠶᠠᠨᠴᠢᠳ ᠦᠪᠡᠷ ᠤᠨ ᠵᠢᠵᠢᠭ ᠮᠠᠰᠢᠨ ᠢᠶᠠᠷ ᠢᠶᠠᠨ ᠣᠷᠣᠰ ᠲᠤ ᠵᠢᠭᠤᠯᠴᠢᠯᠠᠬᠤ ᠳᠤ ᠵᠠᠮ ᠬᠠᠷᠢᠯᠴᠠᠭᠠᠨ ᠤ ᠳᠦᠬᠦᠮ ᠦᠵᠡᠭᠦᠯᠬᠦ ᠠᠷᠭ᠎ᠠ ᠬᠡᠮᠵᠢᠶ᠎ᠡ ᠶᠢ ᠡᠬᠢᠯᠡᠨ ᠬᠡᠷᠡᠭᠵᠢᠬᠦᠯᠦᠭᠰᠡᠨ ᠤ ᠰᠡᠭᠦᠯᠡᠷ᠂ 8 ᠰᠠᠭᠤᠳᠠᠯ ᠠᠴᠠ ᠳᠤᠷᠤᠭᠰᠢᠬᠢ ᠦᠪᠡᠷ ᠤᠨ ᠮᠠᠰᠢᠨ ᠢᠶᠠᠷ ᠵᠢᠭᠤᠯᠴᠢᠯᠠᠬᠤ ᠪᠠᠷ ᠮᠠᠨᠵᠤᠤᠷ ᠪᠣᠭᠤᠮᠲᠠ ᠶᠢᠨ ᠬᠢᠯᠢ ᠪᠠᠷ ᠭᠠᠷᠬᠤ ᠳᠤ᠂ ᠵᠦᠪᠬᠡᠨ ᠣᠷᠣᠨ ᠨᠤᠲᠤᠭ ᠤᠨ ᠴᠢᠨᠠᠷᠲᠠᠶ ᠤᠯᠤᠰ ᠤᠨ ᠬᠤᠭᠤᠷᠤᠨᠳᠤᠬᠢ ᠠᠶᠠᠨᠴᠢᠳ ᠤᠨ ᠲᠡᠭᠡᠭᠡᠪᠦᠷᠢ ᠶᠢᠨ ᠦᠨᠡᠮᠯᠡᠯ ᠲᠠᠢ ᠪᠠᠶᠢᠪᠠᠯ ᠳᠠᠷᠤᠶ ᠬᠢᠯᠢ ᠠᠴᠠ ᠭᠠᠷᠴᠤ ᠪᠤᠯᠬᠤ ᠮᠦᠷᠲᠡᠭᠡᠨ ᠣᠷᠣᠰ ᠤᠨ ᠪᠦᠬᠦ ᠬᠢᠯᠢ ᠣᠷᠣᠨ ᠳᠤ ᠶᠠᠪᠤᠵᠤ ᠪᠣᠯᠤᠨ᠎ᠠ᠂ ᠲᠡᠭᠦᠨ ᠢ ᠬᠢᠨᠠᠨ ᠵᠥᠪᠰᠢᠶᠡᠷᠡᠬᠦ ᠶᠠᠪᠤᠴᠠ᠂ ᠬᠢᠵᠤ ᠦᠭᠭᠦ ᠴᠠᠭ᠂ ᠥᠪᠡᠷ ᠤᠨ ᠥᠷᠲᠡᠭ ᠢ ᠶᠡᠭᠡ ᠪᠠᠷ ᠪᠠᠭᠠᠰᠬᠠᠵᠤ᠂ ᠮᠠᠨᠵᠤᠤᠷ ᠪᠤᠯᠤᠨ ᠬᠤᠶᠢᠲᠤ ᠪᠠᠶᠢᠭᠠᠯ ᠬᠢᠵᠠᠭᠠᠷ ᠣᠷᠣᠨ ᠤ ᠬᠢᠯᠢ ᠳᠠᠪᠠᠭ᠋ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠨᠢ ᠯᠠᠪᠲᠠᠶ ᠶᠤᠮ᠂ ᠳᠤᠮᠳᠠᠳᠤ ᠣᠷᠣᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠤ ᠠᠵᠤ ᠠᠬᠤᠶ ᠶᠢᠨ ᠴᠡᠴᠡᠭᠯᠡᠨ ᠬᠦᠭᠵᠢᠯᠲᠡ ᠶᠢ ᠠᠬᠢᠭᠤᠯᠬᠤ ᠳᠤ ᠴᠤ ᠢᠳᠡᠪᠬᠢᠲᠡᠶ ᠪᠥᠭᠡᠳ ᠠᠯᠤᠰ ᠬᠡᠲᠦ ᠶᠢᠨ ᠨᠥᠯᠥᠭᠡ ᠦᠵᠡᠬᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号