ᠣᠶᠢᠷ᠎ᠠ ᠳᠤ᠂ ᠤᠯᠠᠭᠠᠨᠬᠠᠳᠠ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠣᠪᠴᠢᠶᠠᠨ 2016 ᠣᠨ ᠤ ᠭᠤᠣᠯᠳᠠᠯᠭ᠎ᠠ ᠲᠠᠢ ᠠᠵᠢᠯ ᠲᠥᠷᠥᠯ ᠤᠨ ᠣᠷᠴᠢᠨ ᠲᠣᠭᠤᠷᠢᠨ ᠢ ᠬᠠᠮᠠᠭᠠᠯᠠᠬᠤ ᠬᠠᠤᠯᠢ | ᠬᠡᠷᠡᠭᠵᠢᠭᠦᠯᠦᠯᠲᠡ ᠳᠤ ᠲᠤᠰᠬᠠᠢ ᠪᠠᠶᠢᠴᠠᠭᠠᠯᠲᠠ ᠦᠷᠨᠢᠭᠦᠯᠪᠡ᠂ ᠲᠤᠰ ᠤᠳᠠᠭᠠᠨ ᠤ ᠬᠠᠤᠯᠢ ᠬᠡᠷᠡᠭᠵᠢᠭᠦᠯᠦᠯᠲᠡ ᠶᠢᠨ | ᠲᠤᠰᠬᠠᠶ ᠪᠠᠶᠢᠴᠠᠭᠠᠯᠲᠠ ᠶᠢᠨ ᠬᠠᠷᠠᠯᠲᠠ ᠪᠣᠯ ᠳᠠᠷᠤᠶ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ | ᠠᠰᠠᠭᠤᠳᠠᠯ ᠳᠤ ᠦᠷᠭᠦᠯᠵᠢᠯᠡᠨ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠪᠣᠯᠣᠳ ᠲᠡᠮᠦᠷ ᠤᠨ | ᠠᠵᠢᠯ ᠲᠦᠷᠦᠯ᠂ ᠱᠦᠢᠨᠢ ᠦᠢᠯᠡᠳᠬᠦ ᠠᠵᠢᠯ ᠲᠦᠷᠦᠯ᠂ ᠬᠠᠪᠲᠠᠰᠤᠨ ᠰᠢᠯ ᠦᠢᠯᠡᠳᠬᠦ ᠠᠵᠢᠯ ᠲᠥᠷᠥᠯ᠂ ᠬᠤᠳᠠ | ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠠᠶᠤᠯᠲᠠᠶ ᠬᠠᠶᠠᠭᠳᠠᠮᠠᠯ ᠪᠣᠳᠠᠰ ᠡᠭᠦᠰᠭᠡᠬᠦ ᠪᠠ | ᠰᠢᠢᠳᠪᠦᠷᠢᠯᠡᠬᠦ ᠨᠢᠭᠡᠴᠡ ᠵᠡᠷᠭᠡ ᠲᠠᠪᠤᠨ ᠶᠡᠭᠡ ᠠᠵᠢᠯ ᠲᠥᠷᠥᠯ ᠢ ᠭᠤᠣᠯᠳᠠᠭ᠎ᠠ ᠲᠠᠢ ᠪᠠᠶᠢᠴᠠᠭᠠᠬᠤ ᠪᠣᠯᠤᠨ᠎ᠠ᠃ ᠲᠤᠰ | ᠤᠳᠠᠭᠠᠨ ᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠨᠢ ᠪᠣᠯᠣᠳ ᠲᠡᠮᠦᠷ ᠤᠨ ᠠᠵᠢᠯ ᠲᠦᠷᠦᠯ᠂ | ᠱᠦᠢᠨᠢ ᠦᠢᠯᠡᠳᠬᠦ ᠠᠵᠢᠯ ᠲᠦᠷᠦᠯ᠂ ᠬᠠᠪᠲᠠᠰᠤᠨ ᠰᠢᠯ ᠦᠢᠯᠡᠳᠬᠦ ᠠᠵᠢᠯ ᠲᠥᠷᠥᠯ᠂ ᠬᠤᠳᠠ ᠪᠠᠯᠭᠠᠰᠤᠨ ᠤ | ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠠᠶᠤᠯᠲᠠᠶ ᠬᠠᠶᠠᠭᠳᠠᠮᠠᠯ ᠪᠣᠳᠠᠰ ᠡᠭᠦᠰᠭᠡᠬᠦ ᠪᠠ ᠰᠢᠢᠳᠪᠦᠷᠢᠯᠡᠬᠦ | ᠨᠢᠭᠡᠴᠡ ᠪᠠᠷ ᠭᠤᠣᠯᠳᠠᠯᠭ᠎ᠠ ᠪᠣᠯᠭᠠᠨ᠂ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ | ᠳᠤ ᠦᠵᠡᠭᠦᠯᠬᠦ ᠨᠥᠯᠥᠭᠡ ᠶᠢ ᠦᠨᠡᠯᠡᠬᠦ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ᠂ ᠪᠣᠬᠢᠷᠲᠤᠯ ᠢ ᠰᠡᠷᠭᠡᠶᠢᠯᠡᠨ | ᠵᠠᠰᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ᠂ ᠪᠣᠬᠢᠷᠲᠤᠯ ᠪᠣᠳᠠᠰ ᠢ | ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠵᠡᠷᠭᠡ ᠪᠠᠶᠢᠳᠠᠯ ᠢ ᠭᠤᠣᠯᠳᠠᠯᠭ᠎ᠠ ᠲᠠᠢ | ᠪᠠᠶᠢᠴᠠᠭᠠᠨ᠎ᠠ᠃ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠣᠯᠵᠤ ᠮᠡᠳᠡᠬᠦ ᠪᠠᠷ ᠬᠦᠴᠦᠯᠡᠵᠦ᠂ ᠣᠯᠵᠤ | ᠮᠡᠳᠡᠳᠡᠭ ᠯᠠ ᠶᠤᠮ ᠪᠣᠯ ᠰᠢᠢᠳᠪᠦᠷᠢᠯᠡᠬᠦ ᠪᠠ ᠢᠯᠡᠴᠢᠯᠡᠵᠦ᠂ ᠣᠷᠴᠢᠨ ᠲᠣᠭᠤᠷᠢᠨ ᠤ ᠬᠠᠤᠯᠢ ᠶᠢ ᠵᠥᠷᠢᠴᠡᠭᠰᠡᠨ | ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠣᠷᠴᠢᠨ | ᠲᠣᠭᠤᠷᠢᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠠᠯᠠᠭ᠎ᠠ ᠮᠥᠴᠢᠷ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ | ︽ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠶᠢ ᠦᠨᠳᠦᠰᠦᠯᠡᠨ | ᠲᠥᠪ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠪᠣᠬᠢᠷ ᠪᠣᠳᠠᠰ ᠢᠶᠠᠨ ᠳᠠᠯᠳᠠᠭᠤᠷ ᠭᠠᠳᠠᠭᠰᠢᠯᠠᠭᠤᠯᠬᠤ᠂ | ᠦᠷᠭᠦᠯᠵᠢᠯᠡᠨ ᠪᠠᠷᠢᠮᠵᠢᠶ᠎ᠠ ᠠᠴᠠ ᠬᠡᠲᠦᠷᠡᠭᠦᠯᠦᠨ ᠪᠣᠬᠢᠷᠲᠤᠯ ᠭᠠᠳᠠᠭᠰᠢᠯᠠᠭᠤᠯᠤᠭᠠᠳ ᠵᠠᠰᠠᠨ ᠵᠠᠯᠠᠷᠠᠭᠤᠯᠬᠤ ᠶᠢ | ᠲᠡᠪᠴᠢᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢ ᠵᠣᠷᠢᠭᠤᠳᠠ ᠬᠡᠪ ᠤᠨ ᠪᠠᠶᠢᠳᠠᠯ ᠢᠶᠠᠷ ᠬᠡᠷᠡᠭᠯᠡᠬᠦ | ᠦᠭᠡᠢ ᠪᠠᠷ ᠪᠠᠷᠢᠮᠵᠢᠶ᠎ᠠ ᠠᠴᠠ ᠬᠡᠲᠦᠷᠡᠭᠦᠯᠦᠨ ᠪᠣᠬᠢᠷᠲᠤᠯ ᠭᠠᠳᠠᠭᠰᠢᠯᠠᠭᠤᠯᠬᠤ᠂ ᠣᠷᠴᠢᠨ ᠲᠣᠭᠤᠷᠢᠨ ᠢ ᠬᠢᠨᠠᠨ | ᠬᠡᠮᠵᠢᠭᠰᠡᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠪᠤᠶᠤ ᠥᠭᠡᠷᠡᠲᠦᠭᠦᠯᠦᠨ ᠬᠤᠪᠢᠷᠠᠭᠤᠯᠬᠤ᠂ ᠠᠶᠤᠯᠲᠠᠶ | ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠰᠢᠢᠳᠪᠦᠷᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ | ᠳᠤ᠂ ᠬᠠᠤᠯᠢ ᠶᠣᠰᠣᠭᠠᠷ ᠬᠦᠨᠳᠦ ᠴᠣᠬᠢᠯᠲᠠ ᠥᠭᠭᠦᠨ᠎ᠡ᠃ ᠣᠷᠴᠢᠨ ᠲᠣᠭᠤᠷᠢᠨ ᠤ ᠬᠠᠤᠯᠢ ᠶᠢ ᠵᠦᠷᠢᠴᠡᠨ ᠶᠠᠯ᠎ᠠ | ᠬᠢᠭᠰᠡᠨ ᠰᠡᠵᠢᠭᠯᠡᠯᠲᠡᠶ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ |