ᠢᠮᠠᠭᠠᠨ ᠨᠣᠯᠤᠤᠷ ᠤᠨ ᠪᠣᠷᠣᠯᠠᠭᠤᠯᠭ᠎ᠠ ᠶᠢᠨ ᠦᠨ᠎ᠡ ᠥᠰᠴᠦ ᠰᠢᠯᠢ ᠶᠢᠨ ᠭᠤᠣᠯ ᠠᠶᠢᠮᠠᠭ ᠤᠨ ᠮᠠᠯᠴᠢᠨ | ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠵᠤ ᠪᠣᠢ᠃ ᠬᠤᠲᠠ ᠪᠠᠯᠭᠠᠰᠤᠨ ᠤ ᠰᠠᠭᠤᠭᠠᠯᠢ ᠠᠷᠠᠳ ᠲᠤ | ᠬᠢᠭᠰᠡᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠡᠨᠡ ᠵᠢᠯ ᠰᠢᠯᠢ ᠶᠢᠨ ᠭᠤᠣᠯ ᠠᠶᠢᠮᠠᠭ ᠤᠨ | ᠢᠮᠠᠭᠠᠨ ᠨᠣᠯᠤᠤᠷ ᠤᠨ ᠳᠤᠮᠳᠠᠴᠢ ᠪᠣᠷᠣᠯᠠᠭᠤᠯᠭ᠎ᠠ ᠶᠢᠨ ᠦᠨ᠎ᠡ ᠨᠢ 235.3 ᠲᠥᠭᠦᠷᠢᠭ ᠪᠣᠯᠵᠤ᠂ ᠲᠦᠷᠦᠭᠦᠦ | ᠵᠢᠯ ᠤᠨ ᠠᠳᠠᠯᠢ ᠬᠤᠭᠤᠴᠠᠭᠠᠨ ᠤ ᠬᠢ ᠠᠴᠠ ᠺᠢᠯᠣᠭ᠍ᠷᠠᠮ ᠪᠦᠷᠢ ᠳᠡᠭᠡᠨ 37.8 ᠲᠥᠭᠦᠷᠢᠭ ᠨᠡᠮᠡᠭᠳᠡᠵᠦ᠂ 19. 1% | ᠪᠠᠷ ᠥᠰᠴᠡᠢ᠃ ᠰᠢᠯᠢ ᠶᠢᠨ ᠭᠤᠣᠯ ᠠᠶᠢᠮᠠᠭ ᠤᠨ ᠮᠠᠯᠴᠢᠨ ᠲᠠᠷᠢᠶᠠᠴᠢᠳ ᠤᠨ ᠢᠮᠠᠭᠠᠨ ᠨᠣᠯᠤᠤᠷ ᠤᠨ | ᠪᠣᠷᠣᠯᠠᠭᠤᠯᠭ᠎ᠠ ᠶᠢᠨ ᠣᠷᠣᠯᠭ᠎ᠠ ᠨᠢ ᠳᠤᠮᠳᠠᠴᠢ ᠪᠠᠷ 452 ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ | 6.9 % ᠪᠠᠷ ᠥᠰᠴᠡᠢ᠃ ᠢᠮᠠᠭᠠᠨ ᠤ ᠲᠤᠭ᠎ᠠ ᠲᠣᠯᠣᠭᠠᠢ ᠴᠥᠭᠡᠷᠡᠭᠰᠡᠨ ᠪᠠ ᠡᠨᠡ ᠵᠢᠯ ᠤᠨ ᠢᠮᠠᠭᠠᠨ ᠨᠣᠯᠤᠤᠷ | ᠤᠨ ᠪᠣᠷᠣᠯᠠᠭᠤᠯᠭ᠎ᠠ ᠶᠢᠨ ᠦᠨ᠎ᠡ ᠬᠠᠩᠰᠢ ᠠᠯᠭᠤᠷ ᠢᠶᠠᠷ ᠥᠰᠦᠭᠰᠡᠨ ᠤ ᠬᠠᠷᠠᠭ᠎ᠠ ᠪᠠᠷ᠂ ᠣᠯᠠᠩᠬᠢ ᠮᠠᠯᠴᠢᠨ | ᠲᠠᠷᠢᠶᠠᠴᠢᠳ ᠬᠦᠯᠢᠶᠡᠨ ᠰᠠᠭᠤᠬᠤ ᠣᠪᠣᠷ ᠲᠠᠢ ᠪᠠᠶᠢᠵᠤ᠂ ᠪᠣᠷᠣᠯᠠᠭᠤᠯᠭ᠎ᠠ ᠶᠢᠨ ᠬᠡᠮᠵᠢᠶ᠎ᠡ ᠪᠠᠭᠠᠰᠪᠠ᠂ ᠳᠡᠭᠡᠷ᠎ᠡ | ᠬᠠᠭᠠᠰ ᠵᠢᠯ ᠳᠤ ᠰᠢᠯᠢ ᠶᠢᠨ ᠭᠤᠣᠯ ᠠᠶᠢᠮᠠᠭ ᠤᠨ ᠬᠥᠮᠦᠨ ᠪᠦᠷᠢ ᠳᠤᠮᠳᠠᠴᠢ ᠪᠠᠷ 1.92 ᠺᠢᠯᠣᠭ᠍ᠷᠠᠮ ᠢᠮᠠᠭᠠᠨ | ᠨᠣᠯᠤᠤᠷ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 10.3 % ᠪᠠᠷ ᠪᠠᠭᠠᠰᠤᠭᠰᠠᠨ ᠪᠠᠶᠢᠨ᠎ᠠ᠃ |