ᠡᠷᠢᠶᠡᠨ ᠬᠤᠲᠠ ᠬᠤᠳᠠ ᠶᠢᠨ ᠪᠥᠳᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢᠶᠠᠨ ᠲᠠᠰᠤᠷᠠᠯᠲᠠ ᠦᠭᠡᠢ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2016/7/21
      ᠡᠨᠡ ᠵᠢᠯ᠂ ᠡᠷᠢᠶᠡᠨ ᠬᠤᠲᠠ ᠬᠤᠳᠠ ᠶᠢᠨ ᠪᠥᠳᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢᠶᠠᠨ ᠲᠠᠰᠤᠷᠠᠯᠲᠠ ᠦᠭᠡᠢ ᠴᠢᠩᠭᠠᠳᠬᠠᠵᠤ ᠪᠤᠢ᠃ ᠭᠤᠣᠯᠳᠠᠯᠭ᠎ᠠ ᠲᠠᠢ ᠲᠥᠷᠥᠯ ᠵᠦᠢᠯ ᠳᠤ᠄ ᠬᠤᠲᠠ ᠶᠢᠨ ᠲᠣᠭᠤᠷᠢᠭ ᠤᠨ ᠤᠰᠤ ᠲᠠᠲᠠᠷᠠᠭᠤᠯᠬᠤ ᠬᠤᠭᠤᠯᠠᠶ ᠲᠣᠣᠷ ᠤᠨ ᠥᠭᠡᠷᠡᠴᠢᠯᠡᠯᠲᠡ᠂ ᠵᠡᠭᠡᠯᠢ ᠭᠤᠳᠤᠮ ᠤᠨ ᠬᠠᠲᠠᠭᠤᠷᠠᠯᠲᠠ᠂ ᠬᠠᠭᠤᠴᠢᠨ ᠲᠣᠭᠤᠷᠢᠭ ᠤᠨ ᠥᠭᠡᠷᠡᠴᠢᠯᠡᠯᠲᠡ᠂ ᠶᠠᠪᠠᠭᠠᠨ ᠵᠠᠮ ᠪᠠ ᠵᠡᠭᠡᠯᠢ ᠶᠢᠨ ᠬᠤᠶᠠᠷ ᠲᠠᠯ᠎ᠠ ᠶᠢᠨ ᠬᠠᠲᠠᠭᠤᠷᠠᠯᠲᠠ ᠵᠡᠷᠭᠡ ᠪᠣᠢ᠃ ᠡᠷᠢᠶᠡᠨ ᠬᠤᠲᠠ 80 ᠭᠠᠷᠤᠶ ᠵᠡᠭᠡᠯᠢ ᠭᠤᠳᠤᠮᠵᠢ ᠰᠢᠷᠣᠶ ᠶᠢᠨ ᠵᠠᠮ ᠪᠠ ᠡᠭᠦᠳᠡᠨ ᠡᠮᠦᠨᠡᠬᠢ ᠵᠠᠮ ᠢ ᠬᠠᠲᠠᠭᠤᠷᠠᠭᠤᠯᠵᠠᠢ︔ ᠰᠠᠭᠤᠷᠢ ᠪᠡᠯᠡᠳᠬᠡᠮᠵᠢ ᠪᠠᠭᠤᠷᠠᠶ᠂ ᠠᠮᠢᠳᠤᠷᠠᠯ ᠤᠨ ᠣᠷᠴᠢᠨ ᠲᠣᠭᠤᠷᠢᠨ ᠨᠢ ᠪᠤᠵᠠᠷ ᠪᠣᠬᠢᠷ ᠲᠡᠮᠦᠷ ᠵᠠᠮ ᠤᠨ ᠵᠡᠭᠦᠨ ᠲᠠᠯ᠎ᠠ ᠶᠢᠨ ︽ᠰᠠᠭᠠᠯᠢ ᠶᠢᠨ ᠦᠨᠢᠶᠡᠨ ᠤ ᠲᠣᠰᠬᠤᠨ︾᠎ ᠢ ᠥᠭᠡᠷᠡᠴᠢᠯᠡᠪᠡ᠂ ᠡᠭᠦᠨ ᠳᠤ ᠰᠢᠨ᠎ᠡ ᠵᠠᠮ ᠵᠠᠰᠠᠬᠤ᠂ ᠡᠭᠦᠳᠡᠨ ᠡᠮᠦᠨᠡᠬᠢ ᠵᠠᠮ ᠢ ᠬᠠᠲᠠᠭᠤᠷᠠᠭᠤᠯᠬᠤ᠂ ᠰᠢᠮᠡᠳᠦᠯ ᠬᠤᠳᠳᠤᠭ ᠪᠠᠶᠢᠭᠤᠯᠬᠤ᠂ ᠬᠦᠷᠢᠶ᠎ᠡ ᠬᠠᠰᠢᠶ᠎ᠠ ᠶᠢ ᠰᠡᠯᠪᠢᠨ ᠵᠠᠰᠠᠬᠤ ᠵᠡᠷᠭᠡ ᠪᠠᠭᠲᠠᠨ᠎ᠠ︔ ᠬᠤᠲᠠ ᠶᠢᠨ ᠭᠤᠣᠯ ᠵᠡᠭᠡᠯᠢ ᠶᠢᠨ ᠬᠤᠶᠠᠷ ᠲᠠᠯ᠎ᠠ ᠶᠢᠨ ᠶᠠᠪᠠᠭᠠᠨ ᠵᠠᠮ ᠢ ᠳᠡᠪᠢᠰᠴᠦ ᠬᠠᠲᠠᠭᠤᠷᠠᠭᠤᠯᠪᠠ︔ ᠤᠷᠤᠭᠰᠢᠯᠠᠯᠲᠠ ᠵᠠᠮ᠂ ᠵᠣᠴᠢᠨ ᠤᠭᠲᠤᠬᠤ ᠵᠠᠮ ᠂ ᠴᠠᠬᠠᠷ ᠵᠡᠭᠡᠯᠢ᠂ ᠰᠢᠯᠢ ᠶᠢᠨ ᠵᠡᠭᠡᠯᠢ᠂ ᠰᠢᠨᠬᠤᠸᠠ ᠵᠡᠭᠡᠯᠢ ᠶᠢ ᠳᠠᠬᠢᠨ ᠳᠡᠪᠢᠰᠪᠡ︔ ᠪᠦᠬᠦ ᠬᠤᠲᠠ ᠶᠢᠨ 33 ᠪᠠᠭ᠎ᠠ ᠲᠣᠭᠤᠷᠢᠭ ᠢ ᠥᠭᠡᠷᠡᠴᠢᠯᠡᠵᠡᠢ᠂ ᠡᠭᠦᠨ ᠳᠤ ᠤᠰᠤᠨ ᠬᠤᠭᠤᠯᠠᠶ᠂ ᠢᠯᠴᠢ ᠬᠠᠩᠭᠠᠬᠤ ᠬᠤᠭᠤᠯᠠᠶ ᠲᠠᠲᠠᠬᠤ᠂ ᠭᠠᠵᠠᠷ ᠤᠨ ᠭᠠᠳᠠᠷᠭᠤ ᠎ ᠶᠢ ᠬᠠᠲᠠᠭᠤᠷᠠᠭᠤᠯᠬᠤ ᠵᠡᠷᠭᠡ ᠪᠠᠭᠲᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号