ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ 55 ᠳ᠋ᠤᠭᠠᠷ ᠤᠳᠠᠭ᠎ᠠ ᠶᠢᠨ ᠲᠡᠷᠢᠬᠦᠯᠡᠭᠴᠢᠳ ᠤᠨ ᠬᠤᠷᠠᠯ ᠬᠤᠷᠠᠯᠳᠤᠭᠤᠯᠵᠠᠢ    ᠷᠧᠨ ᠶᠠ ᠫᠢᠩ ᠬᠤᠷᠠᠯ ᠡᠷᠬᠢᠯᠡᠬᠦ ᠶᠢᠨ ᠬᠠᠮᠳᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2016/7/22
     7 ᠳ᠋ᠤᠭᠠᠷ ᠰᠠᠷ᠎ᠠ ᠶᠢᠨ 21᠎ ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ 55 ᠳ᠋ᠤᠭᠠᠷ ᠤᠳᠠᠭ᠎ᠠ ᠶᠢᠨ ᠲᠡᠷᠢᠬᠦᠯᠡᠭᠴᠢᠳ ᠤᠨ ᠬᠤᠷᠠᠯ ᠬᠤᠷᠠᠯᠳᠤᠭᠤᠯᠵᠦ᠂ ᠦᠪᠡᠷᠲᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠵᠦ ᠠᠬᠤᠢ ᠶᠢᠨ ᠵᠦᠪᠯᠡᠯ ᠤᠨ ᠮᠠᠨ ᠤ ᠤᠷᠤᠨ ᠤ ᠵᠤᠭᠠᠴᠠᠯ ᠪᠤᠯᠤᠨ ᠰᠤᠶᠤᠯ ᠤᠨ ᠠᠭᠤᠰᠤᠯᠴᠠᠨ ᠬᠦᠭᠵᠢᠬᠦ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠬᠦᠯᠦᠯᠲᠡ ᠶᠢ ᠶᠠᠷᠢᠯᠴᠠᠵᠦ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠴᠠᠭᠠᠨ ᠰᠤᠳᠤᠯᠬᠤ ᠠᠵᠢᠯ ᠢ ᠴᠢᠩᠭᠠᠳᠬᠠᠬᠤ ᠪᠠ ᠦᠭᠡᠷᠡᠴᠢᠯᠡᠨ ᠰᠠᠶᠢᠵᠢᠷᠠᠭᠤᠯᠬᠤ ᠬᠡᠷᠡᠭᠵᠢᠬᠦᠯᠬᠦ ᠠᠷᠭ᠎ᠠ ᠪᠤᠯᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠪᠠᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ᠂ ᠪᠦᠬᠦ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠲᠤᠷᠰᠢᠯᠭ᠎ᠠ ᠰᠤᠯᠢᠯᠴᠠᠬᠤ ᠬᠤᠷᠠᠯ ᠤᠨ ᠪᠡᠯᠡᠳᠭᠡᠯ ᠬᠤᠷᠠᠯ ᠢ ᠬᠢᠨᠠᠨ ᠰᠤᠳᠤᠯᠵᠠᠢ᠃      ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠷᠧᠨ ᠶᠠ ᠫᠢᠩ ᠬᠤᠷᠠᠯ ᠡᠷᠬᠢᠯᠡᠬᠦ ᠶᠢᠨ ᠬᠠᠮᠳᠤ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠶᠠᠩ ᠴᠧᠩ ᠸᠠᠩ᠂ ᠴᠠᠩ ᠬᠠᠢ᠂ ᠯᠢᠶᠠᠩ ᠲᠢᠶᠧ ᠴᠧᠩ᠂ ᠯᠦᠸᠧ ᡁᠢ ᠬᠤ᠋᠂ ᠨᠠᠷᠢᠨ ᠪᠢᠴᠢᠭ ᠤᠨ ᠳᠠᠷᠤᠭ᠎ᠠ ᠸᠧᠢ ᠵᠢᠶᠦ᠋ᠨ ᠬᠤᠷᠠᠯ ᠳᠤ ᠤᠷᠤᠯᠴᠠᠵᠠᠢ᠃      ᠬᠤᠷᠠᠯ ᠠᠴᠠ ᠮᠠᠨ ᠤ ᠤᠷᠤᠨ ᠤ ᠵᠤᠭᠠᠴᠠᠯ ᠪᠤᠯᠤᠨ ᠰᠤᠶᠤᠯ ᠤᠨ ᠠᠭᠤᠰᠤᠯᠴᠠᠨ ᠬᠦᠭᠵᠢᠬᠦ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠬᠦᠯᠦᠯᠲᠡ ᠪᠤᠯᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠪᠠᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ᠂ ᠪᠦᠬᠦ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠲᠤᠷᠰᠢᠯᠭ᠎ᠠ ᠰᠤᠯᠢᠯᠴᠠᠬᠤ ᠬᠤᠷᠠᠯ ᠤᠨ ᠪᠡᠯᠡᠳᠭᠡᠯ ᠬᠤᠷᠠᠯ ᠤᠨ ᠲᠦᠰᠦᠯ ᠢ ᠵᠠᠷᠴᠢᠮ ᠲᠡᠭᠡᠷ᠎ᠡ ᠪᠠᠨ ᠪᠠᠲᠤᠯᠠᠵᠦ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠴᠠᠭᠠᠨ ᠰᠤᠳᠤᠯᠬᠤ ᠠᠵᠢᠯ ᠢ ᠴᠢᠩᠭᠠᠳᠬᠠᠬᠤ ᠪᠤᠯᠤᠨ ᠦᠭᠡᠷᠡᠴᠢᠯᠡᠨ ᠰᠠᠶᠢᠵᠢᠷᠠᠭᠤᠯᠬᠤ ᠬᠡᠷᠡᠭᠵᠢᠬᠦᠯᠬᠦ ᠠᠷᠭ᠎ᠠ ᠶᠢ ᠤᠯᠠᠮ ᠨᠢᠭᠡ ᠠᠯᠬᠤᠮ ᠵᠠᠰᠠᠪᠤᠷᠢ ᠤᠷᠤᠭᠤᠯᠤᠨ ᠲᠡᠬᠦᠯᠳᠡᠷᠵᠢᠬᠦᠯᠦᠭᠰᠡᠨ ᠤ ᠳᠠᠷᠠᠭ᠎ᠠ ᠳᠠᠷᠤᠮᠠᠯᠯᠠᠨ ᠲᠠᠷᠬᠠᠭᠠᠵᠦ ᠬᠡᠷᠡᠭᠵᠢᠬᠦᠯᠬᠦ ᠪᠠᠷ ᠲᠤᠬᠲᠠᠵᠠᠢ᠃      ᠷᠧᠨ ᠶᠠ ᠫᠢᠩ ᠵᠢᠭᠠᠵᠦ ᠭᠠᠷᠭᠠᠬᠰᠠᠨ ᠨᠢ᠂ ᠵᠤᠭᠠᠴᠠᠯ ᠤᠨ ᠦᠢᠯᠡᠰ ᠤᠨ ᠬᠦᠭᠵᠢᠯᠲᠡ ᠨᠢ ᠬᠠᠭᠤᠴᠢᠨ ᠰᠡᠳᠦᠪ ᠪᠤᠯᠬᠤ ᠪᠦᠭᠡᠳ ᠳᠡᠬᠦᠨ ᠳᠤ ᠪᠠᠰᠠ ᠰᠢᠨ᠎ᠡ ᠰᠡᠳᠦᠪ ᠲᠤᠯᠭᠠᠷᠠᠵᠦ ᠪᠤᠢ᠃ ᠵᠤᠭᠠᠴᠠᠯ ᠤᠨ ᠠᠵᠦ ᠦᠢᠯᠡᠰ ᠢ ᠪᠤᠵᠠᠭᠠᠢᠢᠷᠠᠭᠤᠯᠬᠤ ᠪᠦᠭᠡᠳ ᠰᠤᠶᠤᠯ ᠤᠨ ᠠᠵᠦ ᠦᠢᠯᠡᠰ ᠢ ᠪᠤᠵᠠᠭᠠᠢᠢᠷᠠᠭᠤᠯᠬᠤ ᠳᠤ᠂ ᠬᠦᠭᠵᠢᠬᠦᠯᠦᠨ ᠪᠤᠵᠠᠭᠠᠢᠢᠷᠠᠭᠤᠯᠬᠤ ᠶᠠᠪᠤᠴᠠ ᠳᠤᠮᠳᠠ ᠵᠤᠭᠠᠴᠠᠯ ᠪᠤᠯᠤᠨ ᠰᠤᠶᠤᠯ ᠤᠨ ᠠᠭᠤᠰᠤᠯᠴᠠᠨ ᠬᠦᠭᠵᠢᠬᠦ ᠶᠢ ᠪᠡᠶᠡᠯᠡᠬᠦᠯᠦᠨ᠎ᠡ᠃ ᠦᠪᠡᠷᠲᠡᠭᠡᠨ ᠵᠠᠰᠠᠬᠤ ᠤᠷᠤᠨ ᠤ ᠰᠡᠯᠡᠭᠦᠴᠡᠯ ᠵᠤᠭᠠᠴᠠᠯ ᠤᠨ ᠠᠮᠠᠷᠠᠯᠳᠠ ᠶᠢᠨ ᠰᠠᠭᠤᠷᠢᠨ ᠢ ᠪᠠᠶᠢᠭᠤᠯᠬᠤ ᠦᠨᠳᠦᠷᠴᠡ ᠠᠴᠠ ᠵᠤᠭᠠᠴᠠᠯ ᠤᠨ ᠦᠢᠯᠡᠰ ᠢ ᠲᠠᠨᠢᠵᠦ᠂ ᠰᠤᠶᠤᠯ ᠤᠨ ᠦᠪᠡᠷ ᠤᠨ ᠢᠲᠡᠭᠡᠯ ᠢ ᠨᠡᠮᠡᠭᠳᠡᠬᠦᠯᠬᠦ ᠦᠨᠳᠦᠷᠴᠡ ᠠᠴᠠ ᠰᠤᠶᠤᠯ ᠤᠨ ᠠᠵᠦ ᠦᠢᠯᠡᠰ ᠢ ᠲᠠᠨᠢᠬᠤ ᠬᠡᠷᠡᠭᠲᠡᠢ︔ ᠵᠤᠭᠠᠴᠠᠯ ᠪᠤᠯᠤᠨ ᠰᠤᠶᠤᠯ ᠤᠨ ᠲᠤᠲᠠᠭᠤᠳᠠᠯ ᠢ ᠨᠦᠬᠦᠪᠦᠷᠢᠯᠡᠬᠦ ᠵᠤᠬᠰᠤᠴᠠ ᠠᠴᠠ ᠰᠢᠯᠢᠳᠡᠭ ᠪᠦᠲᠦᠭᠡᠯ ᠤᠯᠠᠨ ᠭᠠᠷᠭᠠᠬᠤ ᠶᠢᠨ ᠬᠠᠷᠠᠯᠲᠠ ᠶᠢ ᠤᠨᠢᠯᠠᠵᠦ᠂ ᠵᠤᠭᠠᠴᠠᠯ ᠪᠤᠯᠤᠨ ᠰᠤᠶᠤᠯ ᠤᠨ ᠦᠢᠯᠡᠰ ᠢ ᠲᠦᠯᠦᠪᠵᠢᠬᠦᠯᠦᠨ᠎ᠡ︔ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠬᠦᠴᠦᠨ ᠳᠤ ᠲᠦᠰᠢᠭᠯᠡᠨ ᠦᠵᠡᠮᠵᠢ ᠶᠢᠨ ᠤᠷᠤᠨ ᠤ ᠲᠦᠰᠦᠪᠯᠡᠨ ᠵᠢᠷᠤᠬᠯᠠᠬᠤ᠂ ᠪᠠᠶᠢᠭᠤᠯᠤᠨ ᠴᠤᠬᠴᠠᠯᠠᠬᠤ᠂ ᠬᠠᠮᠢᠶᠠᠷᠬᠤ ᠪᠠ ᠦᠢᠯᠡᠴᠢᠯᠡᠬᠦ ᠬᠢᠷᠢ ᠲᠦᠪᠰᠢᠨ ᠢ ᠳᠡᠭᠡᠭᠰᠢᠯᠡᠬᠦᠯᠦᠨ᠎ᠡ︔ ᠪᠠᠶᠢᠭᠤᠯᠤᠯ ᠲᠤᠬᠲᠠᠴᠠ ᠳᠤ ᠵᠤᠬᠢᠴᠠᠭᠤᠯᠵᠦ᠂ ᠪᠤᠷᠤᠯᠠᠭᠤᠯᠭ᠎ᠠ ᠶᠢᠨ ᠤᠬᠠᠭᠤᠯᠭ᠎ᠠ ᠪᠠᠨ ᠦᠷᠭᠡᠵᠢᠬᠦᠯᠵᠦ᠂ ᠵᠤᠭᠠᠴᠠᠯ ᠤᠨ ᠦᠢᠯᠡᠳᠬᠦᠨ ᠢ ᠨᠡᠭᠡᠭᠡᠨ ᠬᠦᠭᠵᠢᠬᠦᠯᠵᠦ᠂ ᠮᠠᠨ ᠤ ᠤᠷᠤᠨ ᠤ ᠵᠤᠭᠠᠴᠠᠯ ᠤᠨ ᠨᠡᠷᠡᠲᠦ ᠲᠥᠷᠥᠯ ᠲᠡᠮᠳᠡᠭᠲᠦ ᠶᠢᠨ ᠲᠦᠷᠢ ᠳᠦᠷᠬᠦ ᠶᠢ ᠪᠦᠬᠦ ᠲᠠᠯ᠎ᠠ ᠪᠠᠷ ᠳᠡᠭᠡᠭᠰᠢᠯᠡᠬᠦᠯᠵᠦ᠂ ᠵᠤᠭᠠᠴᠠᠯ ᠪᠤᠯᠤᠨ ᠰᠤᠶᠤᠯ ᠤᠨ ᠠᠭᠤᠰᠤᠯᠴᠠᠬᠤ ᠶᠢ ᠠᠬᠢᠭᠤᠯᠬᠤ ᠬᠡᠷᠡᠭᠲᠡᠢ ᠭᠡᠵᠡᠢ᠃      ᠷᠧᠨ ᠶᠠ ᠫᠢᠩ ᠴᠢᠩᠭᠠᠳᠬᠠᠬᠰᠠᠨ ᠨᠢ᠂ ᠪᠠᠶᠢᠴᠠᠭᠠᠨ ᠰᠤᠳᠤᠯᠬᠤ ᠪᠤᠯ ᠤᠯᠤᠰ ᠲᠦᠷᠦ ᠶᠢᠨ ᠵᠦᠪᠯᠡᠯᠬᠡᠨ ᠤ ᠲᠤᠰᠢᠶᠠᠯ ᠢᠶᠠᠨ ᠬᠦᠢᠴᠡᠳᠭᠡᠬᠦ ᠶᠢᠨ ᠨᠢᠭᠡᠨ ᠦᠷᠬᠦᠯᠵᠢ ᠶᠢᠨ ᠴᠢᠨᠠᠷᠲᠠᠢ᠂ ᠦᠨᠳᠦᠰᠦᠨ ᠴᠢᠨᠠᠷᠲᠠᠢ ᠠᠵᠢᠯ ᠪᠠᠶᠢᠵᠦ᠂ ᠪᠠᠰᠠᠴᠦ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠪᠤᠯᠤᠨ ᠤᠯᠤᠰ ᠲᠦᠷᠦ ᠶᠢᠨ ᠵᠦᠪᠯᠡᠯᠬᠡᠨ ᠤ ᠠᠵᠢᠯᠲᠠᠨ ᠤ ᠦᠨᠳᠦᠰᠦᠨ ᠪᠤᠯᠪᠠᠰᠤᠷᠠᠯ ᠪᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠪᠠᠶᠢᠴᠠᠭᠠᠨ ᠰᠤᠳᠤᠯᠬᠤ ᠠᠵᠢᠯ ᠪᠤᠯᠤᠨ ᠵᠦᠪᠳᠡᠯᠴᠡᠨ ᠲᠦᠯᠦᠪᠯᠡᠬᠦ ᠠᠵᠢᠯ ᠢ ᠬᠠᠷᠢᠯᠴᠠᠨ ᠤᠶᠠᠯᠳᠤᠭᠤᠯᠵᠦ᠂ ᠲᠤᠰᠬᠠᠢ ᠵᠦᠪᠯᠡᠯ ᠤᠨ ᠦᠨᠳᠦᠰᠦᠨ ᠴᠢᠨᠠᠷᠲᠠᠢ ᠦᠢᠯᠡᠳᠦᠯ ᠢᠶᠠᠨ ᠳᠤᠪᠤᠶᠢᠯᠭᠠᠬᠤ ᠶᠢ ᠴᠢᠬᠤᠯᠠᠴᠢᠯᠠᠵᠦ᠂ ᠡᠯ᠎ᠡ ᠱᠠᠲᠦᠨ ᠤ ᠤᠯᠤᠰ ᠲᠦᠷᠦ ᠶᠢᠨ ᠵᠦᠪᠯᠡᠯᠭᠡᠨ ᠤᠨ ᠭᠡᠰᠢᠬᠦᠨ ᠪᠤᠯᠤᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠂ ᠡᠷᠳᠡᠮᠲᠡᠨ ᠤ ᠢᠳᠡᠪᠬᠢᠵᠢᠯ ᠢ ᠬᠦᠢᠴᠡᠳ ᠳᠠᠶᠢᠴᠢᠯᠠᠵᠦ᠂ ᠪᠠᠶᠢᠴᠠᠭᠠᠨ ᠰᠤᠳᠤᠯᠬᠤ ᠠᠵᠢᠯᠯᠠᠭ᠎ᠠ ᠶᠢ ᠨᠡᠩ ᠪᠦᠲᠦᠮᠵᠢᠲᠡᠢ ᠪᠤᠯᠭᠠᠨ᠎ᠠ᠃ ᠪᠠᠶᠢᠴᠠᠭᠠᠨ ᠰᠤᠳᠤᠯᠬᠤ ᠠᠵᠢᠯᠯᠠᠭ᠎ᠠ ᠡᠬᠢᠨ ᠤ ᠦᠶ᠎ᠡ ᠶᠢᠨ ᠪᠡᠯᠡᠳᠭᠡᠯ ᠠᠵᠢᠯ ᠢ ᠰᠠᠶᠢᠲᠤᠷ ᠬᠢᠵᠦ᠂ ᠪᠠᠶᠢᠴᠠᠭᠠᠨ ᠰᠤᠳᠤᠯᠤᠯᠲᠠ ᠳᠤ ᠤᠷᠤᠯᠴᠠᠬᠰᠠᠨ ᠬᠦᠮᠦᠰ ᠢ ᠵᠤᠬᠢᠶᠠᠨ ᠪᠠᠶᠢᠭᠤᠯᠤᠨ ᠨᠢᠭᠡᠲᠦᠯᠲᠡᠢ ᠰᠤᠷᠤᠯᠴᠠᠭᠤᠯᠵᠦ᠂ ᠬᠠᠮᠢᠶ᠎ᠠ ᠪᠦᠬᠦᠢ ᠵᠦᠪᠯᠡᠬᠦ ᠰᠡᠳᠦᠪ ᠢ ᠪᠦᠬᠦ ᠲᠠᠯ᠎ᠡ ᠪᠠᠷ ᠪᠤᠰᠤᠳᠴᠢ ᠪᠠᠷ ᠤᠢᠢᠯᠠᠭᠠᠵᠦ᠂ ᠠᠰᠠᠭᠤᠳᠠᠯ ᠢ ᠪᠠᠷᠢᠵᠦ ᠦᠨᠳᠦᠰᠦᠨ ᠱᠠᠲᠦᠨ ᠳᠤ ᠬᠦᠨᠵᠡᠭᠡᠶᠢᠷᠡᠵᠦ᠂ ᠬᠠᠨᠳᠤᠯᠭᠠᠲᠦ ᠴᠢᠨᠠᠷᠲᠠᠢ ᠪᠠᠷ ᠰᠠᠨᠠᠯ ᠰᠠᠨᠠᠭᠤᠯᠭ᠎ᠠ ᠶᠢ ᠴᠤᠭᠯᠠᠭᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠤᠯᠠᠷᠢᠬᠤ ᠶᠢ ᠢᠳᠡᠪᠬᠢᠲᠡᠢ ᠪᠠᠷ ᠠᠬᠢᠭᠤᠯᠵᠦ᠂ ᠪᠠᠶᠢᠴᠠᠭᠠᠨ ᠰᠤᠳᠤᠯᠤᠯᠲᠠ ᠶᠢᠨ ᠳᠤᠮᠳᠠ ᠠᠴᠠ ᠤᠯᠤᠬᠰᠠᠨ ᠤᠯᠤᠯᠲᠠ ᠪᠠᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ᠂ ᠰᠠᠨᠠᠯ ᠳᠤᠷᠠᠳᠤᠯᠭ᠎ᠠ᠂ ᠶᠡᠭᠡ ᠬᠤᠷᠠᠯ ᠤᠨ ᠢᠯᠡᠷᠭᠡᠶᠢᠯᠡᠯᠲᠡ ᠵᠡᠷᠭᠡ ᠤᠯᠠᠨ ᠵᠦᠢᠯ ᠤᠨ ᠬᠡᠯᠪᠡᠷᠢ ᠳᠤ ᠤᠯᠠᠷᠢᠭᠤᠯᠵᠦ᠂ ᠴᠠᠭ ᠲᠤᠬᠠᠢ ᠳᠤᠨᠢ ᠬᠠᠮᠢᠶ᠎ᠠ ᠪᠦᠬᠦᠢ ᠬᠡᠯᠲᠡᠰ ᠲᠤ ᠲᠤᠰᠬᠠᠵᠦ᠂ ᠠᠰᠠᠭᠤᠳᠠᠯ ᠢ ᠰᠢᠢᠳᠪᠦᠷᠢᠯᠡᠬᠦ ᠪᠠ ᠠᠵᠢᠯ ᠢ ᠦᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠷᠧᠨ ᠶᠠ ᠫᠢᠩ ᠳᠤᠤᠷᠠᠬᠢ ᠬᠤᠶᠠᠷ ᠬᠤᠷᠠᠯ ᠢ ᠨᠠᠷᠢᠨ ᠬᠢᠨᠠᠮᠠᠭᠠᠢ ᠪᠡᠯᠡᠳᠭᠡᠬᠦ ᠶᠢ ᠱᠠᠭᠠᠷᠳᠠᠵᠠᠢ᠃ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠪᠡᠯᠡᠳᠭᠡᠬᠦ ᠳᠤ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ ᠬᠠᠮᠢᠶ᠎ᠠ ᠪᠦᠬᠦᠢ ᠬᠦᠴᠦᠨ ᠢ ᠵᠤᠬᠢᠶᠠᠨ ᠪᠠᠶᠢᠭᠤᠯᠵᠦ᠂ ᠨᠡᠯᠢᠶᠡᠳ ᠦᠨᠳᠦᠷ ᠴᠢᠨᠠᠷ ᠴᠢᠨᠰᠠᠭ᠎ᠠ ᠪᠦᠬᠦᠢ ᠪᠠᠶᠢᠴᠠᠭᠠᠨ ᠰᠤᠳᠤᠯᠤᠯᠲᠠ ᠶᠢᠨ ᠮᠡᠳᠡᠬᠦᠯᠦᠯᠲᠡ ᠶᠢ ᠴᠢᠷᠮᠠᠶᠢᠨ ᠪᠦᠷᠢᠯᠳᠦᠬᠦᠯᠬᠦ ᠬᠡᠷᠡᠭᠲᠡᠢ᠃ ᠲᠤᠷᠰᠢᠯᠭ᠎ᠠ ᠰᠤᠯᠢᠯᠴᠠᠬᠤ ᠬᠤᠷᠠᠯ ᠡᠯ᠎ᠡ ᠠᠶᠢᠮᠠᠭ ᠬᠤᠲᠠ ᠬᠤᠰᠢᠭᠤ ᠰᠢᠶᠠᠨ ᠤ ᠤᠯᠤᠰ ᠲᠦᠷᠦ ᠶᠢᠨ ᠵᠦᠪᠯᠡᠯᠬᠡᠨ ᠢ ᠵᠤᠬᠢᠴᠠᠭᠤᠯᠵᠦ᠂ ᠲᠤᠷᠰᠢᠯᠭ᠎ᠠ ᠰᠤᠯᠢᠯᠴᠠᠬᠤ ᠮᠠᠲ᠋ᠧᠷᠢᠶᠠᠯ ᠢ ᠤᠯᠠᠮ ᠨᠢᠭᠡ ᠠᠯᠬᠤᠮ ᠦᠭᠡᠷᠡᠴᠢᠯᠡᠨ ᠰᠠᠶᠢᠵᠢᠷᠠᠭᠤᠯᠤᠨ ᠲᠡᠭᠦᠯᠳᠡᠷᠵᠢᠬᠦᠯᠵᠦ᠂ ᠰᠤᠷᠤᠯᠴᠠᠬᠤ᠂ ᠰᠤᠯᠢᠯᠴᠠᠬᠤ᠂ ᠬᠠᠷᠢᠯᠴᠠᠨ ᠲᠤᠯᠢ ᠪᠤᠯᠭᠠᠬᠤ ᠬᠠᠷᠠᠯᠲᠠ ᠳᠤ ᠦᠨᠡᠨᠬᠦ ᠬᠦᠷᠴᠦ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠰᠢᠨ᠎ᠡ ᠨᠢᠭᠡᠨ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号