| ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠵᠢᠭᠤᠯᠴᠢᠯᠠᠯ ᠤᠨ | ᠶᠠᠮᠤᠨ ᠤ ᠰᠠᠶᠢᠳ ᠨᠠᠷ ᠤᠨ ᠬᠤᠷᠠᠯ ᠨᠢ ︽ᠵᠢᠭᠤᠯᠴᠢᠯᠠᠯ ᠤᠨ ᠬᠠᠮᠵᠢᠯᠴᠠᠭ᠎ᠠ ᠶᠢ ᠭᠤᠷᠪᠠᠨ ᠤᠯᠤᠰ ᠤᠨ | ᠬᠠᠷᠢᠴᠠᠭᠠᠨ ᠤ ᠰᠢᠨ᠎ᠡ ᠭᠢᠯᠠᠰ ᠴᠢᠭ᠋ ᠪᠤᠯᠭᠠᠨ ᠴᠤᠭᠴᠠᠯᠠᠬᠤ︾᠂ ︽︿ᠲᠦᠮᠡᠨ ᠭᠠᠵᠠᠷ ᠤᠨ ᠴᠠᠢ ᠶᠢᠨ ᠵᠠᠮ﹀ ᠣᠯᠠᠨ | ᠤᠯᠤᠰ ᠤᠨ ᠵᠢᠭᠤᠯᠴᠢᠯᠠᠯ ᠤᠨ ᠨᠡᠷᠡᠳᠭᠦᠨ ᠢ ᠬᠠᠮᠲᠤᠪᠠᠷ ᠡᠭᠦᠳᠬᠦ︾᠂ ︽ᠭᠠᠵᠠᠷ ᠣᠷᠣᠨ ᠤ ᠬᠤᠭᠤᠷᠣᠨᠳᠣᠬᠢ | ᠵᠢᠭᠤᠯᠴᠢᠯᠠᠯ ᠤᠨ ᠬᠤᠷᠰᠢᠯᠴᠠᠭ᠎ᠠ ᠶᠢ ᠦᠷᠨᠢᠬᠦᠯᠵᠤ ᠳᠤᠮᠳᠠᠳᠤ ᠤᠷᠤᠰ ᠮᠣᠩᠭᠤᠯ ᠤᠨ ᠵᠢᠭᠤᠯᠴᠢᠯᠠᠯ ᠤᠨ ᠤᠷᠤᠨ ᠢ | ᠪᠠᠶᠢᠭᠤᠯᠬᠤ︾᠂ ︽ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠵᠢᠭᠤᠯᠴᠢᠯᠠᠯ ᠤᠨ ᠶᠠᠮᠤᠨ ᠤ ᠰᠠᠶᠢᠳ | ᠨᠠᠷ ᠤᠨ ᠬᠤᠷᠠᠯ ᠤᠨ ᠲᠣᠭᠲᠠᠴᠠ ᠶᠢ ᠪᠠᠶᠢᠭᠤᠯᠬᠤ︾ ᠵᠡᠷᠭᠡ ᠴᠢᠬᠤᠯᠠ ᠵᠥᠪᠯᠡᠬᠦ ᠵᠦᠢᠯ ᠲᠠᠢ ᠤᠶᠠᠯᠳᠤᠭᠤᠯᠤᠨ᠂ | ᠭᠤᠷᠪᠠᠨ ᠲᠠᠯ᠎ᠠ ᠪᠠᠷ ᠢᠶᠠᠨ ᠭᠦᠨᠵᠡᠭᠡᠶ ᠶᠠᠷᠢᠯᠴᠠᠭᠠᠳ ︽ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ | ᠭᠤᠷᠪᠠᠨ ᠤᠯᠤᠰ ᠤᠨ ᠵᠢᠭᠤᠯᠴᠢᠯᠠᠯ ᠤᠨ ᠰᠠᠶᠢᠳ ᠨᠠᠷ ᠤᠨ ᠬᠤᠷᠠᠯ ᠤᠨ ᠬᠠᠮᠲᠤᠷᠠᠭᠰᠠᠨ ᠲᠤᠩᠬᠠᠭ︾ ᠢ ᠰᠠᠨᠠᠯ | ᠨᠢᠭᠡᠲᠠᠢ ᠪᠠᠲᠤᠯᠠᠪᠠ᠃ | ᠲᠦᠮᠡᠨ ᠭᠠᠵᠠᠷ ᠤᠨ ᠴᠠᠢ ᠶᠢᠨ ᠵᠠᠮ ᠪᠣᠯ ᠲᠣᠷᠭᠠᠨ ᠵᠠᠮ ᠬᠦᠭᠵᠢᠶᠡᠨ ᠦᠭᠡᠢ ᠪᠤᠯᠤᠭᠰᠠᠨ ᠤ ᠳᠠᠷᠠᠭᠠᠬᠢ | ᠠᠽᠢᠶ᠎ᠠ ᠧᠦ᠋ᠷᠣᠫᠠ ᠶᠢᠨ ᠡᠬᠡ ᠬᠠᠭᠤᠷᠠᠶ ᠳᠡᠭᠡᠷ᠎ᠡ ᠭᠠᠷᠤᠭᠰᠠᠨ ᠪᠠᠰᠠ ᠨᠢᠭᠡᠨ ᠤᠯᠠᠨ ᠤᠯᠤᠰ ᠤᠨ ᠬᠤᠭᠤᠷᠤᠨᠳᠤᠬᠢ | ᠬᠤᠳᠠᠯᠳᠤᠭᠠᠨ ᠤ ᠴᠢᠬᠤᠯᠠ ᠵᠠᠮ ᠪᠤᠯᠤᠨ᠎ᠠ᠃ ᠡᠨᠡ ᠵᠠᠮ ᠨᠢ ᠳᠤᠮᠳᠠᠳᠤ ᠤᠯᠤᠰ ᠤᠨ ᠹᠦᠵᠢᠶᠠᠨ ᠤ ᠡᠤ ᠢ ᠱᠠᠨ | ᠠᠭᠤᠯᠠ ᠠᠴᠠ ᠡᠬᠢᠯᠡᠵᠤ᠂ ᠵᠢᠶᠠᠩᠰᠢ᠂ ᠠᠡᠾᠦ᠋ᠢ᠂ ᠬᠤᠨᠠᠨ᠂ ᠬᠤᠪᠸᠢ᠂ ᠾᠧᠨᠠᠨ᠂ ᠱᠠᠨ ᠰᠢ᠂ ᠡᠾᠧᠪᠸᠢ᠂ | ᠥᠪᠥᠷ ᠮᠣᠩᠭᠤᠯ ᠵᠡᠷᠭᠡ ᠭᠠᠵᠠᠷ ᠢᠶᠠᠷ ᠳᠠᠮᠵᠢᠨ᠂ ᠮᠣᠩᠭᠤᠯ ᠤᠯᠤᠰ ᠢᠶᠠᠷ ᠳᠠᠭᠠᠷᠢᠵᠤ᠂ ᠣᠷᠣᠰ ᠤᠨ | ᠰᠠᠨᠫᠢᠲ᠋ᠧᠷᠪᠦ᠋ᠷᠡᠭ ᠲᠤ ᠬᠦᠷᠦᠨ᠎ᠡ᠂ ᠪᠦᠬᠦ ᠵᠠᠮ ᠨᠢ ᠬᠤᠶᠠᠷ ᠲᠦᠮᠡᠨ ᠰᠢᠬᠠᠮ ᠺᠢᠯᠣᠮᠧᠲᠷ ᠤᠷᠲᠤ ᠪᠦᠬᠡᠳ | ᠰᠣᠶᠣᠯ ᠤᠨ ᠰᠠᠭᠤᠷᠢ ᠪᠠᠷ ᠭᠦᠨ ᠵᠤᠵᠠᠭᠠᠨ ᠪᠠᠶᠢᠳᠠᠭ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠪᠡᠯᠡ ᠮᠥᠩᠭᠦ | ᠤᠷᠤᠭᠤᠯᠤᠨ ᠣᠷᠣᠰ ᠮᠣᠩᠭᠤᠯ ᠤᠨ ᠵᠢᠭᠤᠯᠴᠢᠯᠠᠯ ᠤᠨ ᠬᠤᠷᠰᠢᠯᠴᠠᠭᠠᠨ ᠤ ᠲᠥᠷᠥᠯ ᠵᠦᠢᠯ ᠢ ᠡᠬᠢᠯᠡᠬᠦᠯᠵᠤ᠂ | ᠲᠦᠮᠡᠨ ᠭᠠᠵᠠᠷ ᠤᠨ ᠴᠠᠢ ᠶᠢᠨ ᠵᠠᠮ᠂ ᠡᠩᠭᠡ ᠲᠠᠶᠢᠪᠤᠩ ᠠᠶᠠᠯᠠᠯ᠂ ︽ᠭᠤᠷᠪᠠᠨ ᠨᠠᠭᠤᠷ︾ ᠤᠨ ᠠᠶᠠᠯᠠᠯ ︵ᠬᠥᠯᠥᠨ | ᠨᠠᠭᠤᠷ᠂ ᠪᠠᠶᠢᠭᠠᠯ ᠨᠠᠭᠤᠷ᠂ ᠬᠦᠪᠰᠦᠬᠦᠯ ᠨᠠᠭᠤᠷ︶ ᠵᠡᠷᠭᠡ ᠵᠢᠭᠤᠯᠴᠢᠯᠠᠯ ᠤᠨ ᠨᠡᠷᠡᠲᠦ ᠵᠠᠮ ᠱᠤᠭᠤᠮ ᠢ ᠡᠭᠦᠳᠦᠨ | ᠪᠠᠶᠢᠭᠤᠯᠪᠠ᠃ ᠡᠭᠦᠨ ᠤ ᠬᠠᠮᠲᠤ᠂ ᠮᠠᠨᠵᠤᠤᠷ᠂ ᠡᠷᠢᠶᠡᠨ ᠬᠤᠲᠠ ᠶᠢᠨ ᠪᠣᠭᠤᠮᠲᠠ ᠶᠢᠨ ᠤᠷᠤᠰ ᠮᠣᠩᠭᠤᠯ ᠤᠨ | ᠬᠤᠷᠰᠢᠯᠴᠠᠭᠠᠨ ᠤ ᠦᠷ᠎ᠡ ᠪᠦᠲᠦᠭᠡᠯ ᠢ ᠪᠠᠬᠢᠵᠢᠬᠦᠯᠵᠤ᠂ ᠰᠢᠪᠡᠭᠡ᠂ ᠠᠷᠤ ᠬᠠᠰᠢᠶᠠᠲᠤ᠂ ᠷᠠᠰᠢᠶᠠᠨ᠂ ᠮᠠᠨᠳᠤᠯ᠎ᠠ᠂ | ᠴᠡᠭᠡ ᠵᠡᠷᠭᠡ ᠪᠣᠭᠤᠮᠲᠠ ᠶᠢᠨ ᠣᠷᠣᠰ ᠮᠣᠩᠭᠤᠯ ᠤᠨ ᠵᠢᠭᠤᠯᠴᠢᠯᠠᠯ ᠤᠨ ᠬᠠᠮᠵᠢᠯᠴᠠᠭ᠎ᠠ ᠶᠢ ᠦᠷᠨᠢᠬᠦᠯᠵᠤ᠂ ᠮᠠᠨᠵᠤᠤᠷ | — ᠬᠤᠨᠭ᠌ ᠱᠢ᠂ ᠡᠷᠢᠶᠡᠨ ᠬᠤᠲᠠ — ᠵᠠᠮ ᠤᠨ ᠡᠭᠦᠳᠡ᠂ ᠷᠠᠰᠢᠶᠠᠨ — ᠰᠦᠮᠪᠦᠷ ᠵᠡᠷᠭᠡ ᠵᠢᠭᠤᠯᠴᠢᠯᠠᠯ ᠤᠨ | ᠬᠤᠷᠰᠢᠯᠴᠠᠭᠠᠨ ᠤ ᠣᠷᠣᠨ ᠪᠤᠯᠤᠨ ᠮᠠᠨᠵᠤᠤᠷ᠂ ᠡᠷᠢᠶᠡᠨ ᠬᠤᠳᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ | ᠷᠠᠰᠢᠶᠠᠨ ᠵᠡᠷᠭᠡ ᠬᠢᠯᠢ ᠶᠢᠨ ᠣᠷᠣᠨ ᠤ ᠵᠢᠭᠤᠯᠴᠢᠯᠠᠯ ᠤᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢᠨ | ᠬᠠᠮᠲᠤ ᠰᠢᠪᠡᠭᠡ — ᠾᠧᠢ ᠱᠠᠨ ᠳᠧᠦ᠂ ᠮᠠᠨᠵᠤᠤᠷ — ᠠᠷᠤ ᠬᠠᠰᠢᠶᠠᠲᠤ᠂ ᠡᠪᠦᠳᠦᠭ — ᠷᠠᠰᠢᠶᠠᠨ᠂ | ᠮᠠᠨᠳᠤᠯ᠎ᠠ — ᠭᠠᠭᠴᠠ ᠮᠣᠳᠣ ᠵᠡᠷᠭᠡ ᠣᠷᠣᠨ ᠪᠦᠰᠡ ᠬᠤᠭᠤᠷᠤᠨᠳᠤᠬᠢ ᠦᠪᠡᠷ ᠤᠨ ᠮᠠᠰᠢᠨ ᠢᠶᠠᠷ ᠢᠶᠠᠨ | ᠵᠢᠭᠤᠯᠴᠢᠯᠠᠬᠤ ᠱᠤᠭᠤᠮ ᠨᠤᠭᠤᠳ ᠢ ᠡᠭᠦᠳᠦᠨ ᠪᠠᠶᠢᠭᠤᠯᠪᠠ᠃ | ᠬᠤᠶᠢᠰᠢᠳᠠ ᠳᠤᠮᠳᠠᠳᠤ ᠣᠷᠣᠰ ᠮᠣᠩᠭᠤᠯ ᠭᠤᠷᠪᠠᠨ ᠲᠠᠯ᠎ᠠ ᠶᠢᠨ ᠬᠢᠨ ᠵᠢᠭᠤᠯᠴᠢᠯᠠᠯ ᠤᠨ ᠰᠤᠳᠤᠯᠭᠠᠨ᠂ | ᠵᠢᠭᠤᠯᠴᠢᠯᠠᠯ ᠤᠨ ᠲᠥᠯᠥᠪᠵᠢᠭᠦᠯᠭᠡ᠂ ᠵᠢᠭᠤᠯᠴᠢᠯᠠᠯ ᠤᠨ ᠪᠡᠯᠡ ᠣᠷᠣᠭᠤᠯᠤᠯᠲᠠ᠂ ᠤᠶᠤᠨᠴᠢ ᠵᠢᠭᠤᠯᠴᠢᠯᠠᠯ᠂ | ᠨᠡᠷᠡᠳᠭᠦᠨ ᠡᠭᠦᠳᠬᠦ᠂ ᠵᠢᠭᠤᠯᠴᠢᠯᠠᠯ ᠤᠨ ᠦᠵᠡᠭᠦᠯᠦᠯᠭᠡ᠂ ᠤᠬᠠᠭᠤᠯᠤᠨ ᠳᠡᠯᠭᠡᠷᠡᠭᠦᠯᠬᠦ᠂ ᠮᠠᠲ᠋ᠧᠷᠢᠶᠠᠯ ᠦᠢᠯᠡᠳᠬᠦ᠂ | ᠡᠬᠢ ᠪᠠᠶᠠᠯᠢᠭ ᠤᠨ ᠰᠤᠯᠢᠯᠴᠠᠭ᠎ᠠ᠂ ᠮᠡᠳᠡᠭᠡ ᠵᠠᠩᠭᠢ ᠶᠢᠨ ᠬᠠᠷᠢᠯᠴᠠᠭ᠎ᠠ᠂ ᠵᠢᠭᠤᠯᠴᠢᠯᠠᠯ ᠤᠨ ᠪᠣᠯᠪᠠᠰᠤᠷᠠᠭᠤᠯᠤᠯ ᠵᠡᠷᠭᠡ | ᠵᠢᠭᠤᠯᠴᠢᠯᠠᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠬᠤ ᠶᠢᠨ ᠬᠠᠮᠲᠤ᠂ ᠬᠢᠯᠢ ᠳᠠᠪᠠᠭ᠋ᠤ | ᠵᠢᠭᠤᠯᠴᠢᠯᠠᠯ ᠤᠨ ᠲᠤᠰᠬᠠᠶ | ᠴᠤᠪᠤᠭ᠎ᠠ᠂ ᠦᠪᠡᠷ ᠤᠨ ᠮᠠᠰᠢᠨ ᠢᠶᠠᠷ ᠵᠢᠭᠤᠯᠴᠢᠯᠠᠬᠤ᠂ ᠵᠠᠯᠠᠭᠤᠴᠤᠳ ᠪᠠᠭᠠᠴᠤᠳ ᠤᠨ ᠵᠢᠭᠤᠯᠴᠢᠯᠠᠯ ᠵᠡᠷᠭᠡ ᠲᠤᠰᠬᠠᠶ | ᠠᠵᠢᠯᠯᠠᠭ᠎ᠠ ᠶᠢ ᠪᠠᠭᠲᠠᠭᠠᠭᠰᠠᠨ ᠵᠢᠭᠤᠯᠴᠢᠯᠠᠯ ᠤᠨ ᠬᠤᠷᠰᠢᠯᠴᠠᠭ᠎ᠠ ᠶᠢ ᠬᠠᠮᠲᠤᠪᠠᠷ ᠦᠷᠨᠢᠬᠦᠯᠬᠦ ᠪᠤᠯᠤᠨ᠎ᠠ᠃ ᠲᠤᠰ | ᠲᠤᠰ ᠤᠨ ᠣᠷᠣᠨ ᠨᠤᠲᠤᠭ ᠤᠨ ᠵᠢᠭᠤᠯᠴᠢᠯᠠᠯ ᠤᠨ ᠪᠠᠶᠢᠭᠤᠯᠤᠮᠵᠢ ᠵᠢᠴᠢ ᠵᠢᠭᠤᠯᠴᠢᠯᠠᠯ ᠤᠨ ᠦᠢᠯᠡᠰ ᠤᠨ ᠬᠢᠨ ᠢ | ᠵᠤᠷᠢᠭᠵᠢᠭᠤᠯᠤᠨ ᠣᠷᠣᠨ ᠪᠦᠰᠡ ᠶᠢᠨ ᠬᠤᠭᠤᠷᠣᠨᠳᠣᠬᠢ᠂ ᠠᠵᠢᠯ ᠲᠦᠷᠦᠯ ᠤᠨ ᠬᠤᠭᠤᠷᠣᠨᠳᠣᠬᠢ ᠵᠢᠭᠤᠯᠴᠢᠯᠠᠯ ᠤᠨ | ᠰᠣᠯᠢᠯᠴᠠᠭ᠎ᠠ ᠪᠠ ᠬᠠᠮᠵᠢᠯᠴᠠᠭ᠎ᠠ ᠶᠢ ᠢᠳᠡᠪᠬᠢᠲᠡᠶ ᠪᠠᠷ ᠦᠷᠨᠢᠬᠦᠯᠬᠦ ᠪᠤᠯᠤᠨ᠎ᠠ᠃ | | |