ᠣᠶᠢᠷ᠎ᠠ ᠳᠤ᠂ ᠥᠪᠥᠷ ᠮᠣᠩᠭᠤᠯ ᠤᠨ ᠬᠤᠰᠢᠭᠤ ᠰᠢᠶᠠᠨ ᠤ ᠱᠠᠲᠤᠨ ᠤ ᠠᠩᠬᠠᠳᠠᠭᠴᠢ ᠤᠶᠤᠲᠤ ᠨᠣᠮ ᠤᠨ | ᠰᠠᠩ — ᠳ᠋ᠦᠩᠱᠧᠩ ᠨᠣᠮ ᠤᠨ ᠰᠠᠩ ᠠᠰᠢᠭᠯᠠᠯᠲᠠ ᠳᠤ ᠣᠷᠣᠵᠤ᠂ ᠣᠷᠳᠣᠰ ᠬᠤᠲᠠ ᠶᠢᠨ ᠨᠣᠮ ᠤᠨ ᠰᠠᠩ᠂ | ᠡᠵᠡᠨ ᠬᠤᠷᠤᠭ᠎ᠠ ᠬᠤᠰᠢᠭᠤᠨ ᠤ ᠨᠣᠮ ᠤᠨ ᠰᠠᠩ ᠭᠤᠷᠪᠠᠨ ᠭᠠᠵᠠᠷ ᠤᠨ ᠠᠯᠢ ᠨᠢᠭᠡ ᠠᠴᠠ ᠨᠢ ᠵᠢᠭᠡᠯᠡᠵᠦ ᠠᠯᠢ ᠨᠢᠭᠡ | ᠳᠤᠨᠢ ᠴᠦ ᠪᠤᠴᠠᠭᠠᠬᠤ ᠪᠣᠯᠬᠤ ᠶᠢ ᠪᠡᠶᠡᠯᠡᠭᠦᠯᠵᠦ᠂ ︽ᠴᠢ ᠤᠩᠰᠢᠵᠤ · ᠪᠢ ᠳᠥᠯᠥᠬᠦ︾ ᠬᠠᠷᠠᠭᠠᠯᠵᠠᠯᠲᠤ | ᠦᠢᠯᠡᠴᠢᠯᠡᠭᠡ ᠶᠢ ᠵᠡᠷᠭᠡᠪᠡᠷ ᠡᠬᠢᠯᠡᠭᠦᠯᠪᠡ᠃ ᠳ᠋ᠦᠩᠱᠧᠩ ᠨᠣᠮ ᠤᠨ ᠰᠠᠩ ᠤᠨ ᠪᠠᠷᠢᠯᠭ᠎ᠠ ᠶᠢᠨ ᠲᠠᠯᠠᠪᠠᠢ ᠨᠢ 3.3 | ᠲᠦᠮᠡᠨ ᠲᠡᠭᠰᠢ ᠳᠥᠷᠪᠡᠯᠵᠢᠨ ᠮᠧᠲᠷ᠂ 100 ᠲᠦᠮᠡᠨ ᠪᠣᠳᠢ ᠨᠣᠮ ᠪᠢᠴᠢᠭ ᠬᠠᠳᠠᠭᠠᠯᠠᠬᠤ ᠪᠠᠷ ᠵᠢᠷᠤᠵᠤ | ᠲᠥᠯᠥᠪᠯᠡᠨ᠂ 900 ᠭᠠᠷᠤᠢ ᠤᠩᠰᠢᠭᠴᠢᠳ ᠤᠨ ᠰᠠᠭᠤᠳᠠᠯ ᠲᠠᠢ᠃ ᠤᠯᠠᠨ ᠨᠡᠶᠢᠲᠡ ᠶᠢᠨ ᠦᠢᠯᠡᠴᠢᠯᠡᠭᠡᠨ ᠤ | ᠲᠣᠭᠤᠷᠢᠭ ᠲᠤ ᠪᠠᠭᠠᠴᠤᠳ ᠬᠡᠦᠬᠡᠳ ᠤᠨ ᠤᠩᠰᠢᠯᠭ᠎ᠠ ᠶᠢᠨ ᠣᠷᠳᠣᠨ᠂ ᠵᠠᠯᠠᠭᠤᠴᠤᠳ ᠪᠠᠭᠠᠴᠤᠳ ᠤᠨ ᠨᠣᠮ | ᠪᠢᠴᠢᠭ ᠤᠨ ᠲᠣᠭᠤᠷᠢᠭ᠂ 24 ᠴᠠᠭ ᠤᠨ ᠦᠢᠯᠡᠴᠢᠯᠡᠭᠡᠳᠦ ᠨᠣᠮ ᠤᠨ ᠰᠠᠩ᠂ ᠰᠣᠨᠢᠨ ᠰᠡᠳᠬᠦᠯ ᠤᠨ ᠲᠤᠭᠤᠷᠢᠭ᠂ | ᠬᠠᠷᠠᠭ᠎ᠠ ᠦᠭᠡᠢ ᠬᠥᠮᠥᠰ ᠤᠨ ᠤᠩᠰᠢᠯᠭ᠎ᠠ ᠶᠢᠨ ᠲᠤᠭᠤᠷᠢᠭ᠂ ᠤᠯᠠᠨ ᠵᠠᠭᠤᠴᠢᠲᠤ ᠲᠣᠭᠤᠷᠢᠭ᠂ ᠤᠩᠰᠢᠭᠴᠢᠳ ᠤᠨ | ᠪᠡᠶ᠎ᠡ ᠴᠢᠭᠢᠷᠠᠭᠵᠢᠭᠤᠯᠬᠤ ᠦᠷᠤᠭᠡ ᠵᠡᠷᠭᠡ 22 ᠴᠢᠳᠠᠮᠵᠢ ᠶᠢᠨ ᠣᠷᠣᠨ ᠲᠠᠢ᠃ ᠪᠠᠰᠠ ᠲᠢᠶᠧ ᠰᠢ ᠶᠡᠷᠦᠩᠬᠡᠶ ᠭᠠᠵᠠᠷ᠂ | ᠲᠢᠶᠧ ᠳ᠋ᠦᠩ ᠬᠤᠪᠢᠶᠠᠷᠢ ᠮᠦᠽᠧᠶ᠂ ᠬᠤᠳᠠ ᠶᠢᠨ ᠵᠡᠭᠡᠯᠢ ᠭᠤᠳᠤᠮᠵᠢ ᠶᠢᠨ 24 ᠴᠠᠭ ᠤᠨ ᠦᠢᠯᠡᠴᠢᠯᠡᠭᠡᠳᠦ 4 | ᠨᠣᠮ ᠤᠨ ᠰᠠᠩ᠂ 30 ᠭᠠᠷᠤᠶ ᠬᠤᠪᠢᠶᠠᠷᠢ ᠨᠣᠮ ᠤᠨ ᠰᠠᠩ ᠵᠢᠴᠢ ︽ᠰᠣᠶᠣᠯ ᠤᠨ ᠮᠡᠳᠡᠭᠡ ᠵᠠᠩᠭᠢ ᠶᠢᠨ ᠡᠬᠢ | ᠪᠠᠶᠠᠯᠢᠭ ᠢ ᠬᠠᠮᠲᠤᠪᠠᠷ ᠡᠳ᠋ᠯᠡᠬᠦ ᠢᠨᠵᠧᠨᠧᠷᠢᠩ︾ ᠤᠨ ᠦᠨᠳᠦᠰᠦᠨ ᠱᠠᠲᠤᠨ ᠤ 15 ᠦᠢᠯᠡᠴᠢᠯᠡᠬᠦ ᠴᠢᠭ᠋᠂ ᠤᠯᠠᠨ | ᠨᠡᠶᠢᠲᠡ ᠶᠢᠨ 58 ᠡᠯᠧᠺᠲᠷᠣᠨ ᠤᠩᠰᠢᠯᠭ᠎ᠠ ᠶᠢᠨ ᠳᠠᠰᠤᠬ᠂ 1 ᠮᠠᠰᠢᠨ ᠲᠡᠷᠭᠡᠨ ᠤ ᠨᠣᠮ ᠤᠨ ᠰᠠᠩ᠂ 26 ᠲᠠᠯ᠎ᠠ | ᠨᠤᠲᠤᠭ ᠤᠨ ᠨᠣᠮ ᠤᠨ ᠦᠷᠦᠬᠡ᠂ 4 ᠲᠦᠮᠡᠨ ᠭᠠᠴᠠᠭᠠᠨ ᠤ ᠨᠣᠮ ᠤᠨ ᠰᠠᠩ ᠪᠠᠶᠢᠭᠤᠯᠵᠠᠢ᠃ ᠡᠭᠦᠨ ᠠᠴᠠ | ᠭᠠᠳᠠᠨ᠎ᠠ᠂ ᠳ᠋ᠦᠩᠱᠧᠩ ᠨᠣᠮ ᠤᠨ ᠰᠠᠩ ᠨᠢ ᠠᠵᠤ ᠥᠢᠯᠡᠰᠴᠢᠯᠡᠨ ᠠᠵᠢᠯᠯᠠᠭᠤᠯᠬᠤ ᠲᠣᠭᠤᠷᠢᠭ ᠨᠡᠭᠡᠭᠡᠵᠦ᠂ ᠤᠳᠤ | ᠨᠢᠭᠡᠨᠲᠡ 24 ᠠᠵᠤ ᠠᠬᠤᠶᠢᠯᠠᠯ ᠪᠠ ᠬᠤᠳᠠᠯᠳᠤᠭᠠᠴᠢᠨ ᠡᠷᠦᠭᠡ ᠤᠷᠤᠰᠢᠨ ᠰᠠᠭᠤᠷᠢᠰᠢᠵᠠᠢ᠃ ᠠᠵᠤ ᠥᠢᠯᠡᠰᠴᠢᠯᠡᠨ | ᠠᠵᠢᠯᠯᠠᠭᠤᠯᠬᠤ ᠬᠡᠪ ᠵᠠᠭᠪᠤᠷ ᠢᠶᠠᠷ ᠳᠠᠮᠵᠢᠭᠤᠯᠤᠨ ᠨᠣᠮ ᠪᠢᠴᠢᠭ ᠤᠨ ᠦᠢᠯᠡᠰ᠂ ᠰᠣᠶᠣᠯ ᠪᠣᠯᠪᠠᠰᠤᠷᠠᠯ᠂ ᠡᠭᠦᠳᠦᠨ | ᠪᠦᠲᠦᠭᠡᠬᠦ ᠰᠡᠳᠬᠢᠮᠵᠢ᠂ ᠰᠡᠯᠡᠭᠦᠴᠡᠯ᠂ ᠪᠣᠯᠪᠠᠰᠤᠷᠠᠭᠤᠯᠤᠯ᠂ ᠢᠳᠡᠭᠡᠨ ᠤᠮᠳᠠᠭᠠᠨ᠂ ᠦᠢᠯᠡᠴᠢᠯᠡᠭᠡ ᠵᠡᠷᠭᠡ ᠤᠯᠠᠨ | ᠵᠦᠢᠯ ᠤᠨ ᠡᠵᠡᠩᠨᠡᠯᠲᠡ ᠶᠢ ᠬᠠᠮᠤᠷᠤᠭᠤᠯᠤᠭᠰᠠᠨ ᠨᠣᠮ ᠤᠨ ᠰᠠᠩ ᠤᠨ ᠬᠤᠲᠠ ᠶᠢ ᠴᠣᠭᠴᠠᠯᠠᠬᠤ ᠪᠠᠷ ᠵᠣᠷᠢᠯᠭ᠎ᠠ | ᠪᠣᠯᠭᠠᠭᠰᠠᠨ ᠪᠠᠶᠢᠨ᠎ᠠ᠃ |