ᠸᠠᠩ ᠵᠢᠶᠦ᠋ᠨ᠄ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠴᠢᠩᠳᠠᠯᠠᠵᠤ  ᠠᠷᠢᠭᠤᠨ ᠴᠢᠭᠡᠴᠢ ᠲᠦᠪ ᠰᠤᠷᠳᠠᠯ ᠢ ᠪᠠᠳᠠᠷᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2016/7/27
     7 ᠳ᠋ᠤᠭᠠᠷ ᠰᠠᠷ᠎ᠠ ᠶᠢᠨ 26᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠤᠯᠢᠬᠤ ᠰᠤᠷᠳᠠᠯ ᠤᠨ ᠬᠢᠨᠠᠯᠳᠠ ᠶᠢ ᠴᠢᠨᠠᠬᠰᠢᠳᠠ ᠴᠢᠩᠭᠠᠳᠬᠠᠬᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ      7 ᠳ᠋ᠤᠭᠠᠷ ᠰᠠᠷ᠎ᠠ ᠶᠢᠨ 26᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠬᠤᠭᠤᠴᠠᠭ᠎ᠠ ᠰᠤᠯᠢᠬᠤ ᠰᠤᠷᠳᠠᠯ ᠤᠨ ᠬᠢᠨᠠᠯᠳᠠ ᠶᠢ ᠴᠢᠨᠠᠬᠰᠢᠳᠠ ᠴᠢᠩᠭᠠᠳᠬᠠᠬᠤ ᠠᠵᠢᠯ ᠤᠨ ᠬᠤᠷᠠᠯ ᠬᠤᠷᠠᠯᠳᠤᠭᠤᠯᠦᠨ᠂ ᠬᠤᠭᠤᠴᠠᠭ᠎ᠠ ᠰᠤᠯᠢᠬᠤ ᠰᠤᠷᠳᠠᠯ ᠢ ᠲᠠᠬᠢᠨᠳᠠ ᠪᠠᠶᠢᠷᠢᠯᠠᠭᠤᠯᠵᠤ᠂ ᠴᠢᠨᠠᠬᠰᠢᠳᠠ ᠬᠠᠷᠢᠭᠤᠴᠠᠯᠭ᠎ᠠ ᠪᠠᠨ ᠲᠤᠳᠤᠷᠬᠠᠢᠢᠯᠠᠨ ᠂ ᠱᠠᠭᠠᠷᠳᠠᠯᠭ᠎ᠠ ᠪᠠᠨ ᠴᠢᠩᠳᠠᠯᠠᠵᠤ᠂ ᠬᠦᠮᠦᠵᠢᠭᠦᠯᠭᠦ ᠪᠠᠨ ᠴᠢᠩᠭᠠᠳᠬᠠᠨ᠂ ᠬᠢᠨᠠᠯᠳᠠ ᠪᠠᠨ ᠴᠢᠩᠭᠠᠷᠠᠭᠤᠯᠵᠤ᠂ ᠡᠷᠡᠰ ᠴᠢᠩᠭ᠎ᠠ ᠰᠠᠬᠢᠯᠭ᠎ᠠ ᠪᠠᠳᠤ ᠪᠠᠷ ᠤᠷᠤᠨ ᠨᠤᠳᠤᠭ ᠤᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠤᠯᠢᠬᠤ ᠠᠵᠢᠯ ᠤᠨ ᠤᠷᠤᠬᠰᠢᠳᠠᠢ ᠡᠷᠡᠭᠦᠯ ᠢᠶᠠᠷ ᠲᠤᠭᠳᠠᠭᠤᠨ ᠶᠠᠪᠤᠭᠳᠠᠬᠤ ᠶᠢ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠬᠤᠷᠠᠯ ᠡᠷᠬᠢᠯᠡᠨ ᠶᠠᠷᠢᠶ᠎ᠠ ᠲᠠᠯᠪᠢᠪᠠ᠃ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠵᠢᠶᠠ᠂ ᠵᠠᠩ ᠯᠢ᠂ ᠯᠢ ᠫᠧᠩ ᠰᠢᠨ᠂ ᠨᠠᠰᠤᠨᠮᠦ᠋ᠩᠭᠡ᠂ ᠸᠠᠩ ᠵᠦᠩ ᠾᠧ᠂ ᠵᠠᠩ ᠶᠤᠸᠠᠨ ᠵᠦᠩ᠂ ᠳ᠋ᠦ᠋ ᠽᠢ᠂ ᠶᠠᠩ ᠴᠧᠩ ᠸᠠᠩ ᠬᠤᠷᠠᠯ ᠳᠤ ᠤᠷᠤᠯᠴᠠᠵᠠᠢ᠃        ᠬᠤᠷᠠᠯ ᠳᠤ ᠤᠷᠤᠯᠴᠠᠬᠰᠠᠨ ᠪᠦᠬᠦ ᠨᠦᠬᠦᠳ ᠬᠤᠨᠠᠨ ᠤ ᠾᠧᠩᠶᠠᠩ ᠪᠣᠯᠣᠨ ᠰᠧᠴᠤᠸᠠᠨ ᠤ ᠨᠠᠨᠴᠦ᠋ᠩ ᠤᠨ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠵᠦᠷᠢᠴᠡᠭᠰᠡᠨ ᠬᠡᠷᠡᠭ ᠤᠨ ᠰᠡᠷᠡᠮᠵᠢᠭᠦᠯᠦᠨ ᠬᠦᠮᠦᠵᠢᠭᠦᠯᠭᠦ ᠹᠢᠯᠢᠮ ︽ᠲᠤᠯᠢᠳᠠᠯ ᠰᠤᠷᠭᠠᠮᠵᠢ︾᠎ ᠶᠢ ᠰᠤᠨᠢᠷᠬᠠᠪᠠ᠃        ᠸᠠᠩ ᠵᠢᠶᠦ᠋ᠨ ᠶᠠᠷᠢᠶᠠᠨ ᠳᠠᠭᠠᠨ᠂ ᠤᠳᠤᠬᠠᠨ ᠳᠤ ᠮᠠᠨ ᠤ ᠤᠷᠤᠨ ᠤ ᠤᠷᠤᠨ ᠨᠤᠳᠤᠭ ᠤᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠤᠯᠢᠬᠤ ᠠᠵᠢᠯ ᠵᠠᠩᠬᠢᠯᠠᠭ᠎ᠠ ᠶᠢᠨ ᠴᠠᠭ ᠲᠤ ᠤᠷᠤᠯ᠎ᠠ᠃ ᠡᠯ᠎ᠠ ᠱᠠᠳᠤᠨ ᠤ ᠬᠢᠨ ᠡᠷᠬᠡᠪᠰᠢ ᠠᠷᠢᠭᠤᠨ ᠴᠢᠭᠡᠴᠢ ᠲᠦᠪ ᠰᠤᠷᠳᠠᠯ ᠲᠠᠢ ᠬᠤᠭᠤᠴᠠᠭ᠎ᠠ ᠰᠤᠯᠢᠬᠤ ᠤᠷᠴᠢᠨ ᠢ ᠪᠤᠢ ᠪᠤᠯᠭᠠᠬᠤ ᠴᠢᠬᠤᠯᠠ ᠶᠡᠭᠡ ᠠᠴᠢ ᠬᠤᠯᠪᠤᠬᠳᠠᠯ ᠢ ᠴᠢᠨᠠᠬᠰᠢᠳᠠ ᠬᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠵᠡᠷᠭᠡ ᠲᠦᠪ ᠤᠨ ᠤᠳᠤᠷᠢᠳᠬᠤ ᠨᠦᠬᠦᠳ ᠤᠨ ᠴᠢᠬᠤᠯᠠ ᠵᠢᠭᠠᠪᠤᠷᠢ ᠶᠢ ᠪᠦᠬᠦ ᠲᠠᠯ᠎ᠠ ᠪᠠᠷ ᠲᠤᠤᠱᠯᠠᠭᠤᠯᠦᠨ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠶᠢᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠲᠡᠭᠡᠷ᠎ᠡ ᠴᠢᠨᠠᠬᠰᠢᠳᠠ ᠨᠢᠭᠡᠳᠭᠡᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠴᠢᠩᠳᠠᠯᠠᠬᠤ᠂ ᠰᠠᠶᠢᠨ ᠰᠠᠶᠢᠬᠠᠨ ᠬᠤᠭᠤᠴᠠᠭ᠎ᠠ ᠰᠤᠯᠢᠬᠤ ᠰᠤᠷᠳᠠᠯ ᠢ ᠪᠤᠢ ᠪᠤᠯᠭᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠰᠡᠳᠬᠢᠯ ᠳᠡᠭᠡᠨ ᠲᠠᠯᠪᠢᠵᠤ᠂ ᠮᠦᠷᠦᠨ ᠲᠡᠭᠡᠷ᠎ᠡ ᠪᠠᠨ ᠲᠠᠯᠪᠢᠨ᠂ ᠭᠠᠷ ᠲᠠᠭᠠᠨ ᠠᠳᠬᠤᠬᠤ ᠬᠡᠷᠡᠭᠳᠡᠢ ᠬᠡᠵᠤ ᠵᠢᠭᠠᠵᠤ ᠭᠠᠷᠭᠠᠪᠠ᠃        ᠸᠠᠩ ᠵᠢᠶᠦ᠋ᠨ ᠴᠢᠬᠤᠯᠠᠴᠢᠯᠠᠬᠰᠠᠨ ᠨᠢ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠠᠶᠢᠨ ᠰᠠᠶᠢᠬᠠᠨ ᠬᠤᠭᠤᠴᠠᠭ᠎ᠠ ᠰᠤᠯᠢᠬᠤ ᠰᠤᠷᠳᠠᠯ ᠢ ᠪᠤᠢ ᠪᠤᠯᠭᠠᠬᠤ ᠲᠤᠬᠠᠢ ᠰᠠᠬᠢᠯᠭ᠎ᠠ ᠪᠠᠳᠤ ᠶᠢᠨ ᠱᠠᠭᠠᠷᠳᠠᠯᠭ᠎ᠠ ᠶᠢ ᠵᠦᠪ ᠤᠨᠤᠪᠴᠢᠳᠠᠢ ᠤᠢᠢᠯᠠᠭᠠᠨ ᠡᠵᠡᠮᠰᠢᠭᠦ ᠬᠡᠷᠡᠭᠳᠡᠢ᠃ ︽ᠬᠠᠷᠢᠭᠤᠴᠠᠯᠭ᠎ᠠ ᠶᠢᠨ ᠲᠠᠪᠤᠨ ᠭᠤᠤᠯ ᠴᠤᠬᠴᠠ︾᠎ ᠶᠢᠨ ᠬᠠᠷᠢᠭᠤᠴᠠᠯᠭ᠎ᠠ ᠶᠢ ᠴᠢᠨᠠᠬᠰᠢᠳᠠ ᠲᠤᠳᠤᠷᠬᠠᠢᠢᠯᠠᠵᠤ᠂ ᠡᠯ᠎ᠠ ᠱᠠᠳᠤᠨ ᠤ ᠨᠠᠮ ᠤᠨ ᠬᠤᠷᠢᠶ᠎ᠠ᠂ ᠨᠠᠮ ᠤᠨ ᠬᠤᠷᠢᠶ᠎ᠠ ᠶᠢᠨ ᠱᠦᠵᠢ᠂ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠤᠯᠭ᠎ᠠ᠂ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠪᠣᠯᠣᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠢᠯᠠᠩ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ᠂ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠵᠢᠴᠢ ᠨᠢᠭᠡᠳᠦᠮᠡᠯ ᠹᠷᠤᠨᠲ ᠤᠨ ᠰᠠᠯᠠᠭ᠎ᠠ ᠮᠦᠴᠢᠷ ᠵᠡᠷᠭᠡ ᠬᠠᠮᠢᠶ᠎ᠠ ᠪᠦᠬᠦᠢ ᠨᠢᠭᠡᠴᠡ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠤ᠂ ᠲᠤᠰ ᠲᠤᠰ ᠤᠨ ᠲᠤᠰᠢᠶᠠᠯ ᠢᠶᠠᠨ ᠬᠦᠢᠴᠡᠳᠭᠡᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠤ᠂ ᠴᠤᠬᠭᠠᠷ ᠠᠳᠬᠤᠨ ᠬᠠᠮᠳᠤᠪᠡᠷ ᠬᠠᠮᠢᠶᠠᠷᠴᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢᠨ ᠡᠷᠭᠡ ᠰᠦᠷᠳᠦ ᠴᠢᠨᠠᠷ ᠪᠣᠯᠣᠨ ᠲᠦᠪ ᠴᠢᠩᠭ᠎ᠠ ᠴᠢᠨᠠᠷ ᠢ ᠬᠠᠮᠳᠤᠪᠡᠷ ᠬᠠᠮᠠᠭᠠᠯᠠᠬᠤ ᠬᠡᠷᠡᠭᠳᠡᠢ᠃ ︽ᠶᠢᠰᠦ ᠶᠢ ᠴᠠᠭᠠᠵᠠᠯᠠᠬᠤ︾ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠴᠢᠨᠠᠬᠰᠢᠳᠠ ᠴᠢᠩᠳᠠᠯᠠᠨ᠂ ᠢᠯᠡᠷᠡᠭᠦ ᠴᠢᠨᠠᠷ ᠲᠠᠢ᠂ ᠬᠡᠯᠪᠡᠷᠢᠯ ᠤᠨ ᠴᠢᠨᠠᠷ ᠲᠠᠢ ᠠᠰᠠᠭᠤᠳᠠᠯ ᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠪᠣᠯᠣᠨ ᠬᠡᠮ ᠰᠤᠭᠤᠭ ᠢ ᠦᠨᠡᠨᠭᠦ ᠬᠦᠪᠦᠷᠡᠯ ᠤᠨ ᠪᠠᠶᠢᠳᠠᠯ ᠳᠤᠨᠢ ᠠᠷᠢᠯᠭᠠᠬᠤ ᠬᠡᠷᠡᠭᠳᠡᠢ᠃ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢᠨ ᠬᠠᠷᠢᠭᠤᠴᠠᠯᠭ᠎ᠠ ᠶᠢ ᠴᠢᠨᠠᠬᠰᠢᠳᠠ ᠴᠢᠩᠭᠠᠳᠬᠠᠵᠤ᠂ ᠬᠤᠭᠤᠴᠠᠭ᠎ᠠ ᠰᠤᠯᠢᠬᠤ ᠰᠤᠷᠳᠠᠯ ᠤᠨ ᠬᠢᠨᠠᠯᠳᠠ ᠬᠦᠷᠦᠯᠴᠡᠭᠦ ᠦᠭᠡᠢ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠳᠤᠭᠠᠬᠰᠠᠨ ᠭᠤᠤᠯ ᠴᠤᠬᠴᠠ ᠶᠢᠨ ᠬᠠᠷᠢᠭᠤᠴᠠᠯᠭ᠎ᠠ᠂ ᠬᠢᠨᠠᠯᠳᠠ ᠶᠢᠨ ᠬᠠᠷᠢᠭᠤᠴᠠᠯᠭ᠎ᠠ ᠨᠡᠭᠡᠮᠵᠢᠯᠡᠭᠦ ᠮᠦᠷᠳᠡᠭᠡᠨ ᠲᠡᠭᠡᠷ᠎ᠡ ᠨᠢᠭᠡ ᠱᠠᠳᠤᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ᠂  ᠨᠠᠮ ᠤᠨ ᠵᠤᠬᠢᠶᠠᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢ ᠪᠠᠶᠢᠴᠠᠭᠠᠵᠤ᠂  ᠬᠤᠭᠤᠴᠠᠭ᠎ᠠ ᠰᠤᠯᠢᠬᠤ ᠲᠤᠮᠳᠠᠬᠢ ᠲᠦᠪ ᠪᠤᠰᠤ ᠰᠤᠷᠳᠠᠯ ᠳᠤ   ︽ᠦᠴᠦᠭᠡᠨ ᠴᠤ ᠢᠯᠳᠠᠷ ᠬᠠᠶᠠᠬᠤ ᠦᠭᠡᠢ︾  ᠦᠨᠳᠦᠷ ᠲᠠᠷᠤᠯᠳᠠᠳᠦ ᠪᠠᠶᠢᠳᠠᠯ ᠢ  ᠭᠤᠶᠢᠪᠢᠰᠢ ᠦᠭᠡᠢ ᠪᠠᠷᠢᠮᠳᠠᠯᠠᠬᠤ ᠬᠡᠷᠡᠭᠳᠡᠢ᠃        ᠸᠠᠩ ᠵᠢᠶᠦ᠋ᠨ ᠴᠢᠬᠤᠯᠠᠴᠢᠯᠠᠬᠰᠠᠨ ᠨᠢ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠴᠢᠩᠳᠠᠯᠠᠬᠤ ᠲᠤᠬᠠᠢ ᠲᠤᠭᠳᠠᠭᠠᠯ ᠪᠣᠯᠣᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠬᠤ ᠬᠡᠷᠡᠭᠳᠡᠢ᠃ ᠰᠠᠬᠢᠯᠭ᠎ᠠ ᠪᠠᠳᠤ ᠶᠢᠨ ᠬᠦᠮᠦᠵᠢᠯ ᠢ ᠴᠢᠩᠭᠠᠠᠳᠬᠠᠵᠤ᠂ ᠰᠡᠷᠡᠮᠵᠢᠭᠦᠯᠦᠨ ᠬᠦᠮᠦᠵᠢᠭᠦᠯᠭᠦ ᠹᠢᠯᠢᠮ ︽ᠲᠤᠯᠢᠳᠠᠯ ᠰᠤᠷᠭᠠᠮᠵᠢ︾᠎ ᠶᠢ ᠦᠵᠡᠭᠦ ᠪᠠ ︽ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠴᠢᠩᠳᠠᠯᠠᠠᠬᠤ ᠪᠢᠴᠢᠭ ᠮᠠᠲ᠋ᠧᠷᠢᠶᠠᠯ ᠤᠨ ᠰᠤᠩᠭᠤᠮᠠᠯ︾᠎ ᠢ ᠰᠤᠷᠤᠯᠴᠠᠬᠤ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠤᠨ᠂ ᠬᠠᠮᠢᠶ᠎ᠠ ᠪᠦᠬᠦᠢ ᠬᠦᠮᠦᠰ ᠤᠨ ᠬᠢᠵᠠᠭᠠᠷ ᠢ ᠮᠡᠳᠡᠭᠦ᠂ ᠰᠠᠭᠤᠷᠢ ᠱᠤᠭᠤᠮ ᠢ ᠤᠢᠢᠯᠠᠭᠠᠬᠤ᠂ ᠶᠤᠰᠤ ᠲᠦᠷᠢᠮ ᠢ ᠮᠡᠳᠡᠭᠦ᠂ ᠰᠠᠬᠢᠯᠭ᠎ᠠ ᠪᠠᠳᠤ ᠶᠢ ᠰᠠᠬᠢᠬᠤ ᠶᠢ ᠬᠦᠳᠦᠯᠦᠨ ᠵᠢᠯᠤᠭᠤᠳᠬᠤ ᠬᠡᠷᠡᠭᠳᠡᠢ᠃ ᠦᠵᠡᠯ ᠰᠠᠨᠠᠭ᠎ᠠ ᠶᠢᠨ ᠵᠢᠯᠤᠭᠤᠳᠤᠯᠭ᠎ᠠ ᠶᠢ ᠴᠢᠬᠤᠯᠠᠴᠢᠯᠠᠵᠤ᠂ ᠺᠠᠳ᠋ᠷ ᠤᠨ ᠲᠠᠪᠰᠢᠬᠤ ᠤᠬᠤᠷᠢᠬᠤ ᠦᠯᠡᠳᠡᠭᠦ ᠰᠢᠯᠵᠢᠭᠦ ᠪᠠ ᠰᠤᠩᠭᠤᠭᠤᠯᠢ ᠶᠢᠨ ᠦᠷ᠎ᠡ ᠳ᠋ᠦᠩ ᠳᠤ ᠵᠦᠪ ᠬᠠᠨᠳᠤᠬᠤ ᠶᠢ ᠬᠦᠳᠦᠯᠦᠨ ᠵᠢᠯᠤᠭᠤᠳᠬᠤ ᠬᠡᠷᠡᠭᠳᠡᠢ᠃ ᠬᠢᠨᠠᠯᠳᠠ ᠲᠠᠯᠪᠢᠬᠤ ᠪᠠᠶᠢᠴᠠᠭᠠᠯᠳᠠ ᠶᠢ ᠴᠢᠩᠭᠠᠳᠬᠠᠵᠤ᠂ ᠺᠠᠳ᠋ᠷᠴᠤᠳ ᠤᠨ ︽ᠠᠰᠠᠭᠤᠳᠠᠯ ᠲᠠᠢ ᠨᠡᠷ᠎ᠡ ᠲᠤᠷᠠᠳᠤᠬᠳᠠᠬᠤ︾᠂ ︽ᠠᠰᠠᠭᠤᠳᠠᠯ ᠲᠠᠢ ᠲᠤᠰᠢᠶᠠᠯ ᠲᠡᠪᠰᠢᠭᠳᠡᠭᠦ︾᠎ ᠶᠢ ᠡᠷᠡᠰ ᠬᠤᠷᠢᠬᠯᠠᠬᠤ ᠬᠡᠷᠡᠭᠳᠡᠢ᠃ ᠪᠠᠶᠢᠴᠠᠭᠠᠨ ᠰᠢᠢᠳᠪᠦᠷᠢᠯᠡᠭᠦ ᠬᠦᠴᠦᠯᠡᠴᠡ ᠪᠠᠨ ᠴᠢᠩᠭᠠᠳᠬᠠᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠵᠦᠷᠢᠴᠡᠭᠰᠡᠨ ᠠᠰᠠᠭᠤᠳᠠᠯ ᠢ ᠢᠯᠡᠷᠡᠭᠦᠯᠦᠭᠰᠡᠭᠡᠷ ᠵᠠᠪᠠᠯ ᠪᠠᠶᠢᠴᠠᠭᠠᠨ ᠰᠢᠢᠳᠪᠦᠷᠢᠯᠡᠭᠦ ᠬᠡᠷᠡᠭᠳᠡᠢ᠃ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠰᠠᠶᠢᠳᠤᠷ ᠬᠢᠵᠤ᠂ ᠠᠷᠢᠭᠤᠨ ᠴᠢᠭᠡᠴᠢ ᠲᠦᠪ ᠰᠤᠷᠳᠠᠯ ᠢ ᠪᠠᠳᠠᠷᠠᠭᠤᠯᠵᠤ᠂ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠡᠢ ᠬᠡᠵᠡᠢ᠃        ᠵᠠᠩ ᠯᠢ ᠶᠠᠷᠢᠶᠠᠨ ᠳᠠᠭᠠᠨ᠂ ︽ᠲᠠᠪᠤᠨ ᠭᠤᠤᠯ ᠴᠤᠬᠴᠠ ᠶᠢᠨ ᠬᠠᠷᠢᠭᠤᠴᠠᠯᠭ᠎ᠠ︾᠎ ᠶᠢ ᠪᠠᠳᠤ ᠨᠡᠶᠢᠳᠡᠪᠦᠷᠢᠵᠢᠭᠤᠯᠦᠨ᠂ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠪᠣᠯᠣᠨ ᠰᠤᠷᠳᠠᠯ ᠤᠨ ᠬᠢᠨᠠᠯᠳᠠ ᠶᠢ ︽ᠪᠦᠷᠢᠨ ᠪᠦᠷᠭᠦᠭᠦᠯᠭᠦ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠦᠨᠡᠨᠭᠦ ︽ᠦᠨᠳᠦᠷ ᠬᠦᠴᠦᠳᠡᠯᠳᠦ ᠴᠠᠬᠢᠯᠭᠠᠨ ᠤᠳᠠᠰᠦ︾ ᠪᠤᠯᠭᠠᠬᠤ ᠬᠡᠷᠡᠭᠳᠡᠢ ᠬᠡᠵᠤ ᠱᠠᠭᠠᠷᠳᠠᠪᠠ᠃        ᠯᠢ ᠫᠧᠩ ᠰᠢᠨ ᠶᠠᠷᠢᠶᠠᠨ ᠳᠠᠭᠠᠨ᠂ ᠬᠤᠰᠢᠭᠤ ᠰᠢᠶᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠰᠤᠷᠳᠠᠯ ᠤᠨ ᠬᠢᠨᠠᠯᠳᠠ ᠶᠢ ᠰᠠᠶᠢᠳᠤᠷ ᠠᠳᠬᠤᠬᠤ ᠶᠢ ᠲᠤᠪᠤᠶᠢᠯᠭᠠᠨ᠂ ᠬᠤᠳᠠ ᠶᠢᠨ ᠱᠠᠳᠤᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠤᠯᠢᠬᠤ ᠰᠤᠷᠳᠠᠯ ᠳᠤ ᠬᠢᠨᠠᠯᠳᠠ ᠲᠠᠯᠪᠢᠬᠤ ᠶᠢ ᠪᠦᠬᠦ ᠲᠠᠯ᠎ᠠ ᠪᠠᠷ ᠰᠠᠶᠢᠳᠤᠷ ᠠᠳᠬᠤᠵᠤ ᠂ ᠵᠦᠪ ᠤᠨᠤᠪᠴᠢᠳᠠᠢ ᠬᠦᠮᠦᠨ ᠬᠡᠷᠡᠭᠯᠡᠭᠦ ᠤᠳᠤᠷᠢᠳᠤᠮᠵᠢ ᠶᠢ ᠪᠠᠷᠢᠮᠳᠠᠯᠠᠨ᠂ ᠲᠦᠯᠦᠭᠡᠯᠡᠭᠴᠢᠳ ᠢ ᠰᠤᠩᠭᠤᠬᠤ ᠪᠤᠭᠤᠮᠳᠠ ᠶᠢ ᠴᠢᠩᠳᠠᠯᠠᠵᠤ᠂ ᠬᠤᠭᠤᠴᠠᠭ᠎ᠠ ᠰᠤᠯᠢᠬᠤ ᠰᠤᠷᠳᠠᠯ ᠤᠨ ᠬᠢᠨᠠᠯᠳᠠ ᠲᠠᠯᠪᠢᠬᠤ ᠠᠵᠢᠯ ᠢ ᠴᠢᠩᠭ᠎ᠠ ᠦᠷᠨᠢᠭᠦᠯᠦᠨ᠂ ᠯᠠᠪᠳᠠᠭᠤᠨ ᠪᠠᠳᠤᠳᠠᠢ ᠪᠦᠳᠦᠮᠵᠢᠳᠡᠢ ᠬᠢᠨᠠᠯᠳᠠ ᠪᠠᠷ ᠬᠤᠭᠤᠴᠠᠭ᠎ᠠ ᠰᠤᠯᠢᠬᠤ ᠠᠷᠢᠭᠤᠨ ᠴᠢᠭᠡᠴᠢ ᠲᠦᠪ ᠰᠤᠷᠳᠠᠯ ᠢ ᠪᠠᠳᠤᠯᠠᠬᠤ ᠬᠡᠷᠡᠭᠳᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号