| 6 ᠳ᠋ᠤᠭᠠᠷ ᠰᠠᠷ᠎ᠠ ᠶᠢᠨ 30 ᠤ ᠡᠳᠦᠷ᠂ ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ | ᠸᠠᠩ ᠵᠢᠶᠦ᠋ᠨ ᠲᠤᠮᠲᠠᠲᠤ ᠤᠯᠤᠰ ᠲᠤ ᠰᠠᠭᠤᠭ᠎ᠠ ᠰᠸᠢᠰ ᠤᠨ ᠡᠯᠴᠢᠨ ᠰᠠᠶᠢᠳ ᠳ᠋ᠢᠳᠠᠷᠳᠧᠯ ᠲᠠᠢ ᠠᠭᠤᠯᠵᠠᠵᠠᠢ᠃ | 6 ᠳ᠋ᠤᠭᠠᠷ ᠰᠠᠷ᠎ᠠ ᠶᠢᠨ 30 ᠤ ᠡᠳᠦᠷ ᠤᠨ ᠦᠲᠠ ᠶᠢᠨ ᠬᠤᠶᠢᠨ᠎ᠠ᠂ ᠦᠪᠠᠷᠲᠠᠬᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠬᠦᠬᠡᠬᠤᠲᠠ ᠳᠤ ᠦᠪᠤᠷ ᠮᠤᠩᠭᠤᠯ ᠳᠤ ᠠᠶᠢᠯᠴᠢᠯᠠᠵᠣ ᠰᠢᠨᠵᠢᠯᠠᠨ | ᠪᠠᠶᠢᠴᠠᠭᠠᠬᠤ ᠪᠠᠷ ᠢᠷᠡᠭᠰᠡᠨ ᠲᠤᠮᠲᠠᠲᠤ ᠤᠯᠤᠰ ᠲᠤ ᠰᠠᠭᠤᠭ᠎ᠠ ᠰᠸᠢᠰ ᠤᠨ ᠡᠯᠴᠢᠨ ᠰᠠᠶᠢᠳ ᠳ᠋ᠢᠳᠠᠷᠳᠧᠯ ᠨᠠᠷ ᠲᠠᠢ | ᠠᠭᠤᠯᠵᠠᠵᠤ᠂ ᠬᠤᠶᠠᠷ ᠲᠠᠯ᠎ᠠ ᠪᠠᠷ ᠢᠶᠠᠨ ᠠᠭᠠᠷ ᠮᠠᠨᠲᠠᠯ ᠤᠨ ᠬᠤᠪᠢᠷᠠᠯᠲᠠ ᠶᠢ ᠠᠷᠭᠠᠴᠠᠬᠤ ᠲᠠᠯ᠎ᠠ ᠪᠠᠷ ᠬᠢ | ᠬᠠᠮᠲᠤᠷᠠᠯᠴᠠᠭ᠎ᠠ ᠪᠠᠨ ᠴᠢᠩᠭᠠᠳᠬᠠᠬᠤ ᠳᠣᠬᠠᠢ ᠰᠠᠨᠠᠯ ᠢᠶᠠᠨ ᠭᠦᠨᠵᠡᠭᠡᠢ ᠰᠤᠯᠢᠯᠴᠠᠵᠠᠢ᠃ | ᠸᠠᠩ ᠵᠢᠶᠦ᠋ᠨ ᠡᠯᠴᠢᠨ ᠰᠠᠶᠢᠳ ᠳ᠋ᠢᠳᠠᠷᠳᠧᠯ ᠨᠠᠷ ᠤᠨ ᠦᠪᠤᠷ ᠮᠤᠩᠭᠤᠯ ᠤᠨ ᠦᠪᠠᠷᠲᠠᠬᠡᠨ ᠵᠠᠰᠠᠬᠤ | ᠤᠷᠤᠨ ᠳᠤ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠵᠤᠴᠢᠳ ᠲᠤ | ᠦᠪᠤᠷ ᠮᠤᠩᠭᠤᠯ ᠤᠨ ᠦᠨᠲᠤᠰᠤᠨ ᠪᠠᠶᠢᠲᠠᠯ ᠪᠠ ᠤᠢᠢᠷ᠎ᠠ ᠶᠢᠨ ᠵᠢᠯ ᠤᠨ ᠠᠵᠤ ᠠᠬᠤᠢ ᠨᠠᠶᠢᠬᠡᠮ ᠤᠨ | ᠬᠦᠭᠵᠢᠯᠲᠠ ᠶᠢᠨ ᠪᠠᠶᠢᠲᠠᠯ ᠢᠶᠠᠨ ᠲᠦᠬᠦᠮ ᠲᠠᠨᠢᠯᠴᠠᠭᠤᠯᠪᠠ᠃ ᠲᠠᠷᠨ ᠬᠡᠯᠡᠭᠰᠡᠨ ᠨᠢ᠂ ᠦᠪᠤᠷ ᠮᠤᠩᠭᠤᠯ ᠪᠤᠯ | ᠤᠯᠤᠰ ᠤᠨ ᠴᠢᠬᠤᠯᠠ ᠠᠮᠢ ᠠᠬᠤᠢ ᠶᠢᠨ ᠴᠢᠲᠠᠪᠬᠢᠲᠤ ᠤᠷᠤᠨ ᠪᠤᠯᠤᠨ᠎ᠠ᠂ ᠤᠯᠤᠰ ᠤᠨ ᠠᠮᠢ ᠠᠬᠤᠢ ᠶᠢᠨ ᠠᠮᠤᠷ | ᠲᠦᠪᠰᠢᠨ ᠤ ᠶᠡᠭᠡ ᠲᠠᠯ᠎ᠠ ᠳᠤ ᠴᠢᠬᠤᠯᠠ ᠪᠠᠶᠢᠷᠢ ᠰᠠᠭᠤᠷᠢ ᠲᠠᠢ᠃ ᠳᠣᠮᠳᠠᠳᠣ ᠣᠯᠣᠰ ᠤᠨ ᠡᠪ ᠬᠠᠮᠳᠣ ᠨᠠᠮ ᠤᠨ | ᠠᠷᠪᠠᠨ ᠨᠠᠢᠮᠠᠲᠤᠭᠠᠷ ᠶᠡᠭᠡ ᠬᠤᠷᠠᠯ ᠠᠴᠠ ᠨᠠᠰᠢ᠂ ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠶᠠᠷᠦᠩᠬᠡᠢ | ᠱᠦᠵᠢ ᠰᠢ ᠶᠢᠨ ᠫᠢᠡᠭ ᠤᠨ ᠰᠢᠷᠢᠰ ᠴᠢᠬᠤᠯᠠ ᠶᠠᠷᠢᠶ᠎ᠠ ᠪᠠ ᠦᠪᠤᠷ ᠮᠤᠩᠭᠤᠯ ᠳᠤ ᠰᠢᠨᠵᠢᠯᠠᠨ ᠪᠠᠶᠢᠴᠠᠭᠠᠬᠤ | ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠠᠮᠢ | ᠠᠬᠤᠢ ᠶᠢᠨ ᠪᠤᠯᠪᠠᠰᠤᠨ ᠤ ᠬᠦᠭᠵᠢᠯᠲᠠ ᠶᠢᠨ ᠵᠠᠮ ᠢᠶᠠᠷ ᠵᠠᠮᠨᠠᠵᠣ᠂ ᠠᠭᠠᠷ ᠮᠠᠨᠲᠠᠯ ᠤᠨ ᠬᠤᠪᠢᠷᠠᠯᠲᠠ ᠶᠢ ᠢᠲᠠᠪᠬᠢᠲᠠᠢ | ᠠᠷᠭᠠᠴᠠᠨ᠂ ᠠᠵᠤ ᠠᠬᠤᠢ ᠶᠢᠨ ᠬᠦᠭᠵᠢᠯᠲᠠ ᠶᠢᠨ ᠠᠷᠭ᠎ᠠ ᠬᠡᠯᠪᠠᠷᠢ ᠪᠠᠨ ᠬᠤᠪᠢᠷᠠᠭᠤᠯᠬᠤ ᠶᠢ ᠲᠦᠷᠬᠡᠳᠬᠡᠬᠦ᠂ | ᠡᠨᠧᠷᠬᠢ ᠠᠷᠪᠢᠯᠠᠨ ᠪᠤᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠲᠦᠷᠦ ᠶᠢᠨ ᠪᠤᠲᠤᠯᠭ᠎ᠠ ᠠᠷᠭ᠎ᠠ ᠬᠡᠮᠵᠢᠶ᠎ᠠ ᠶᠢ | ᠴᠢᠩᠭ᠎ᠠ ᠨᠠᠶᠢᠲᠠᠪᠤᠷᠢᠵᠢᠭᠤᠯᠬᠤ ᠪᠠ ᠡᠯ᠎ᠠ ᠲᠦᠷᠦᠯ ᠤᠨ ᠠᠮᠢ ᠠᠬᠤᠢ ᠶᠢᠨ ᠪᠦᠲᠦᠬᠡᠨ ᠪᠠᠶᠢᠭᠤᠯᠤᠯᠲᠠ ᠶᠢᠨ | ᠢᠨᠵᠧᠨᠧᠷᠢᠩ ᠢ ᠶᠠᠬᠡᠪᠠᠷ ᠬᠡᠷᠡᠭᠵᠢᠬᠦᠯᠬᠦ ᠵᠡᠷᠬᠡ ᠪᠠᠷ ᠲᠠᠮᠵᠢᠭᠤᠯᠣᠨ ᠡᠬᠡ ᠪᠠᠶᠢᠭᠠᠯᠢ ᠶᠢᠨ ᠦᠪᠠᠷ ᠢᠶᠠᠨ ᠰᠡᠷᠬᠦᠬᠦ | ᠴᠢᠲᠠᠪᠤᠷᠢ ᠶᠢ ᠲᠠᠰᠤᠷᠠᠯᠲᠠ ᠦᠬᠡᠢ ᠲᠠᠬᠡᠭᠰᠢᠯᠡᠬᠦᠯᠵᠦ᠂ ᠠᠮᠢ ᠠᠬᠤᠢ ᠶᠢᠨ ᠪᠠᠶᠢᠲᠠᠯ ᠮᠡᠳᠡᠭᠲᠠᠮᠠ ᠰᠠᠶᠢᠵᠢᠷᠠᠵᠠᠢ᠃ | ᠬᠦᠭᠵᠢᠭᠰᠡᠨ ᠤᠯᠤᠰ ᠪᠤᠯᠤᠭᠰᠠᠨ ᠤ ᠬᠤᠪᠢ ᠳᠤ ᠰᠸᠢᠰ ᠠᠭᠠᠷ ᠮᠠᠨᠲᠠᠯ ᠤᠨ ᠬᠤᠪᠢᠷᠠᠯᠲᠠ ᠶᠢ ᠪᠠᠭᠠᠰᠬᠠᠨ | ᠨᠠᠮᠳᠠᠭᠤᠯᠬᠤ ᠪᠠ ᠵᠣᠬᠢᠴᠠᠬᠤ ᠬᠦᠷᠢᠶᠡᠨ ᠳᠤ ᠳᠡᠷᠢᠭᠦᠨ ᠤ ᠮᠡᠷᠬᠡᠵᠢᠯ ᠪᠠ ᠡᠯᠪᠡᠭ ᠪᠠᠶᠠᠯᠢᠭ ᠲᠤᠷᠰᠢᠯᠭ᠎ᠠ ᠲᠠᠢ᠂ | ᠬᠤᠶᠠᠷ ᠲᠠᠯ᠎ᠠ ᠶᠢᠨ ᠠᠭᠠᠷ ᠮᠠᠨᠲᠠᠯ ᠤᠨ ᠬᠦᠷᠢᠶᠡᠨ ᠳᠤ ᠬᠠᠮᠲᠤᠷᠠᠨ ᠠᠵᠢᠯᠯᠠᠬᠤ ᠢᠷᠡᠭᠡᠳᠦᠢ ᠭᠡᠭᠡᠨ ᠰᠠᠷᠠᠭᠤᠯ ᠪᠠᠶᠢᠨ᠎ᠠ | ᠃ ᠡᠯᠴᠢᠨ ᠰᠠᠶᠢᠳ ᠳ᠋ᠢᠳᠠᠷᠳᠧᠯ ᠤᠨ ᠡᠨᠡ ᠣᠳᠠᠭ᠎ᠠ ᠶᠢᠨ ᠠᠶᠢᠯᠴᠢᠯᠠᠯᠲᠠ ᠪᠠᠷ ᠲᠠᠮᠵᠢᠨ ᠬᠤᠶᠠᠷ ᠲᠠᠯ᠎ᠠ ᠪᠠᠷ ᠢᠶᠠᠨ | ᠬᠠᠷᠢᠯᠴᠠᠨ ᠠᠰᠢᠭ ᠬᠦᠷᠲᠠᠬᠦ ᠬᠠᠮᠲᠤᠷᠠᠯᠴᠠᠭ᠎ᠠ ᠪᠠᠨ ᠦᠷᠬᠡᠳᠬᠡᠨ ᠬᠦᠨᠵᠡᠬᠡᠶᠢᠷᠠᠬᠦᠯᠬᠦ ᠲᠠᠯ᠎ᠠ ᠪᠠᠷ ᠰᠢᠨ᠎ᠠ ᠠᠬᠢᠯᠳᠠ | ᠰᠢᠨ᠎ᠠ ᠦᠷ᠎ᠠ ᠪᠦᠲᠦᠮᠵᠢ ᠲᠠᠢ ᠪᠣᠯᠵᠣ᠂ ᠬᠠᠮᠳᠣᠪᠠᠷ ᠬᠦᠮᠤᠨ ᠲᠦᠷᠤᠯᠬᠢᠲᠠᠨ ᠤ ᠦᠷᠬᠦᠯᠵᠢᠯᠠᠬᠦ ᠬᠦᠭᠵᠢᠯᠲᠠ ᠳᠤ | ᠬᠤᠪᠢ ᠨᠠᠮᠠᠷᠢ ᠪᠠᠨ ᠦᠵᠡᠬᠦᠯᠬᠦ ᠶᠢ ᠬᠦᠰᠠᠵᠦ ᠪᠠᠶᠢᠨ᠎ᠠ ᠭᠡᠵᠡᠢ᠃ | ᠳ᠋ᠢᠳᠠᠷᠳᠧᠯ ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠡᠨᠡ | ᠣᠳᠠᠭ᠎ᠠ ᠶᠢᠨ ᠠᠶᠢᠯᠴᠢᠯᠠᠯᠲᠠ ᠶᠢ ᠨᠢ ᠰᠠᠶᠢᠳᠣᠷ ᠲᠤᠬᠢᠷᠠᠭᠤᠯᠤᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠤ᠂ | ᠦᠪᠤᠷ ᠮᠤᠩᠭᠤᠯ ᠤᠨ ᠤᠢᠢᠷ᠎ᠠ ᠶᠢᠨ ᠵᠢᠯ ᠤᠨ ᠬᠦᠭᠵᠢᠯᠲᠠ ᠶᠢᠨ ᠠᠮᠵᠢᠯᠳᠠ ᠪᠦᠲᠦᠮᠵᠢ ᠶᠢ ᠦᠨᠠᠨ | ᠰᠡᠳᠬᠢᠯ ᠠᠴᠠ ᠪᠠᠨ ᠪᠢᠰᠢᠷᠡᠨ ᠰᠠᠶᠢᠰᠢᠶᠠᠪᠠ᠃ ᠲᠠᠷᠨ ᠬᠡᠯᠡᠭᠰᠡᠨ ᠨᠢ᠂ ᠦᠪᠤᠷ ᠮᠤᠩᠭᠤᠯ ᠬᠦᠭᠵᠢᠯᠲᠠ ᠶᠢᠨ ᠴᠢᠨᠠᠷ | ᠴᠢᠨᠰᠠᠭ᠎ᠠ ᠪᠠ ᠦᠷ᠎ᠠ ᠠᠰᠢᠭ ᠢ ᠬᠦᠨᠳᠦᠳᠭᠡᠵᠦ᠂ ᠰᠢᠨ᠎ᠠ ᠡᠨᠧᠷᠬᠢ ᠶᠢ ᠬᠦᠭᠵᠢᠬᠦᠯᠬᠦ᠂ ᠠᠮᠢ ᠠᠬᠤᠢ ᠶᠢᠨ ᠪᠦᠲᠦᠬᠡᠨ | ᠪᠠᠶᠢᠭᠤᠯᠤᠯᠲᠠ ᠵᠡᠷᠭᠡ ᠲᠠᠯ᠎ᠠ ᠪᠠᠷ ᠬᠢ ᠡᠷᠴᠢᠮ ᠨᠡᠯᠢᠶᠡᠳ ᠶᠡᠭᠡ ᠪᠠᠶᠢᠵᠣ᠂ ᠠᠰᠢᠭ ᠲᠠᠢ ᠲᠤᠷᠰᠢᠯᠭ᠎ᠠ ᠡᠬᠦᠳᠴᠦ᠂ | ᠪᠢᠲᠠ ᠢᠢᠮᠤᠷᠬᠦ ᠬᠠᠮᠲᠤᠷᠠᠯᠴᠠᠭᠠᠨ ᠤ ᠬᠠᠨᠢᠲᠠᠨ ᠲᠠᠢ ᠳᠠᠭᠠᠨ ᠪᠠᠶᠠᠷᠯᠠᠵᠤ ᠪᠤᠢ᠃ ᠰᠸᠢᠰ ᠪᠣᠯᠣᠨ ᠲᠤᠮᠲᠠᠲᠤ | ᠤᠯᠤᠰ ᠤᠨ ᠰᠢᠨ᠎ᠠ ᠶᠢ ᠡᠬᠦᠳᠬᠦ ᠪᠠᠶᠢᠯᠲᠤᠬᠤ ᠪᠤᠲᠤᠯᠭ᠎ᠠ ᠶᠢᠨ ᠬᠠᠨᠢᠲᠠᠨ ᠤ ᠬᠠᠷᠢᠴᠠᠭ᠎ᠠ ᠪᠠᠶᠢᠭᠤᠯᠣᠭᠳᠠᠬᠤ ᠶᠢ | ᠲᠠᠭᠠᠯᠲᠤᠨ᠂ ᠬᠤᠶᠠᠷ ᠤᠯᠤᠰ ᠤᠨ ᠡᠯ᠎ᠠ ᠬᠦᠷᠢᠶᠠᠨ ᠳᠠᠬᠢ ᠬᠠᠮᠲᠤᠷᠠᠯᠴᠠᠭ᠎ᠠ ᠰᠤᠯᠢᠯᠴᠠᠭ᠎ᠠ ᠴᠢᠨᠠᠭᠰᠢᠲᠠ ᠨᠢᠭᠲᠠᠷᠠᠬᠤ | ᠪᠣᠯᠣᠨ᠎ᠠ᠃ ᠪᠢᠲᠠ ᠡᠶᠢᠮᠤᠷᠬᠦ ᠰᠠᠶᠢᠨ ᠲᠠᠪᠴᠠᠩ ᠪᠠ ᠰᠠᠶᠢᠬᠠᠨ ᠳᠣᠬᠢᠶᠠᠯ ᠢ ᠠᠰᠢᠡᠡᠯᠠᠨ ᠦᠪᠤᠷ | ᠮᠤᠩᠭᠤᠯ ᠯᠤᠭ᠎ᠠ ᠶᠢᠨ ᠠᠭᠠᠷ ᠮᠠᠨᠲᠠᠯ ᠤᠨ ᠬᠤᠪᠢᠷᠠᠯᠲᠠ ᠶᠢ ᠠᠷᠭᠠᠴᠠᠬᠤ᠂ ᠠᠵᠤ ᠠᠬᠤᠢ᠂ ᠮᠦᠡᠭᠬᠦᠨ ᠬᠦᠢᠯᠬᠡᠬᠡᠨ | ᠵᠡᠷᠬᠡ ᠬᠦᠷᠢᠶᠠᠨ ᠳᠠᠬᠢ ᠬᠠᠮᠲᠤᠷᠠᠯᠴᠠᠭ᠎ᠠ ᠪᠠᠨ ᠬᠦᠨᠵᠡᠬᠡᠶᠢᠷᠠᠬᠦᠯᠬᠦ ᠳᠣᠩ ᠳᠣᠷ᠎ᠠ ᠲᠠᠢ ᠪᠠᠶᠢᠨ᠎ᠠ᠃ ᠬᠤᠶᠠᠷ ᠲᠠᠯ᠎ᠠ ᠶᠢᠨ | ᠬᠠᠮᠲᠤ ᠶᠢᠨ ᠴᠢᠷᠮᠠᠶᠢᠯᠭ᠎ᠠ ᠲᠤᠤᠷ᠎ᠠ ᠮᠠᠨ ᠤ ᠬᠠᠮᠲᠤᠪᠠᠷ ᠠᠰᠢᠭ ᠬᠦᠷᠲᠠᠬᠦ ᠬᠠᠮᠳᠣᠷᠠᠯᠴᠠᠭ᠎ᠠ ᠯᠠᠪᠲᠠᠢ ᠣᠯᠠᠮ ᠨᠢᠭᠡ | ᠠᠯᠬᠤᠮ ᠭᠦᠨᠵᠡᠭᠡᠶᠢᠷᠡᠨ᠎ᠡ ᠭᠡᠳᠡᠭ ᠢ ᠢᠲᠠᠬᠡᠵᠤ ᠪᠠᠶᠢᠨ᠎ᠠ ᠬᠡᠪᠠ᠃ | ᠳ᠋ᠢᠳᠠᠷᠳᠧᠯ ᠨᠠᠷ ᠮᠠᠨ ᠤ ᠤᠷᠤᠨ ᠳᠤ ᠠᠶᠢᠯᠴᠢᠯᠠᠭᠰᠠᠨ ᠬᠤᠭᠤᠴᠠᠭᠠᠨ ᠳᠠᠭᠠᠨ ᠪᠠᠰᠠ ᠤᠯᠠᠭᠠᠨᠴᠠᠪ | ᠬᠤᠲᠠ ᠶᠢᠨ ᠲᠦᠷᠪᠠᠳ ᠬᠤᠰᠢᠭᠤᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠠᠨ ᠪᠠᠶᠢᠴᠠᠭᠠᠭᠰᠠᠨ ᠤ ᠬᠠᠮᠲᠤ | ᠠᠶᠤᠯ ᠲᠦᠭᠰᠢᠬᠦᠷᠢ ᠶᠢ ᠰᠢᠯᠵᠢᠬᠦᠯᠬᠦ ᠰᠤᠲᠤᠯᠤᠨ ᠶᠠᠷᠢᠯᠴᠠᠬᠤ ᠬᠤᠷᠠᠯ ᠳᠤ ᠣᠷᠣᠯᠴᠠᠵᠠᠢ᠃ |