ᠰᠢᠯᠢ ᠶᠢᠨ ᠭᠤᠣᠯ ᠠᠶᠢᠮᠠᠭ ᠤᠨ ᠰᠠᠭᠤᠭᠠᠯᠢ ᠠᠷᠠᠳ ᠤᠨ ᠰᠤᠷᠭᠠᠨ ᠬᠥᠮᠦᠵᠢᠯ ᠤᠨ ᠣᠷᠣᠭᠤᠯᠤᠯᠲᠠ ᠲᠦᠷᠭᠡᠨ ᠨᠡᠮᠡᠭᠳᠡᠪᠡ
ᠨᠡᠶᠢᠲᠡᠯᠡᠭᠰᠡᠨ ᠴᠠᠭ᠄
2016/7/4
      ᠤᠢᠢᠷ᠎ᠠ ᠶᠢᠨ ᠵᠢᠯ ᠤᠳ ᠲᠤ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠰᠤᠷᠭᠠᠨ ᠬᠥᠮᠦᠵᠢᠯ ᠢ ᠤᠷᠢᠳᠠᠪᠠᠷ ᠬᠦᠭᠵᠢᠬᠦᠯᠬᠦ ᠶᠢ ᠢᠮᠠᠭᠲᠠ ᠪᠠᠷᠢᠮᠲᠠᠯᠠᠵᠤ᠂ ᠡᠳ᠋ ᠤᠨ ᠵᠠᠰᠠᠭ ᠤᠨ ᠰᠤᠷᠭᠠᠨ ᠬᠥᠮᠦᠵᠢᠯ ᠳᠠᠬᠢ ᠣᠷᠣᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠳ᠋ ᠤᠨ ᠵᠠᠰᠠᠭ ᠤᠨ ᠰᠤᠷᠭᠠᠨ ᠬᠥᠮᠦᠵᠢᠯ ᠎ ᠳᠠᠬᠢ ᠣᠷᠣᠭᠤᠯᠤᠯᠲᠠ ᠶᠢ ᠦᠷᠭᠦᠯᠵᠢᠯᠡᠨ ᠶᠡᠭᠡ ᠪᠠᠷ ᠨᠡᠮᠡᠭᠳᠡᠭᠦᠯᠵᠤ᠂ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠳᠤ ᠬᠦᠴᠦᠲᠡᠶ ᠳᠡᠮᠵᠢᠯᠭᠡ ᠦᠵᠡᠭᠦᠯᠪᠡ᠃ ᠪᠦᠷᠢᠳᠬᠡᠯ ᠢ ᠦᠨᠳᠦᠰᠦᠯᠡᠪᠡᠯ᠂ 2015 ᠣᠨ ᠳᠤ ᠰᠢᠯᠢ ᠶᠢᠨ ᠭᠤᠣᠯ ᠠᠶᠢᠮᠠᠭ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠳᠤ 232.19 ᠳ᠋ᠦᠡᠭᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12. 2%᠎ ᠢᠶᠠᠷ ᠨᠡᠮᠡᠭᠳᠡᠪᠡ᠂ ᠡᠭᠦᠨ ᠳᠤ ᠰᠤᠷᠭᠠᠨ ᠬᠥᠮᠦᠵᠢᠯ ᠤᠨ ᠵᠠᠷᠤᠯᠭ᠎ᠠ ᠳᠤ 31.13 ᠳ᠋ᠦᠡᠭᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 25.9%᠎ ᠪᠠᠷ ᠨᠡᠮᠡᠭᠳᠡᠵᠤ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠳᠠᠬᠢ ᠬᠤᠪᠢ ᠶᠢᠨ ᠵᠢᠩ ᠨᠢ 13.4%᠎ ᠶᠢ ᠡᠵᠡᠯᠡᠵᠤ᠂ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ 1.1 ᠵᠠᠭᠤᠨ ᠤ ᠴᠡᠭ ᠦᠨᠳᠦᠷ ᠪᠤᠯᠪᠠ᠃ ᠰᠤᠷᠭᠠᠨ ᠬᠥᠮᠦᠵᠢᠯ ᠤᠨ ᠣᠷᠣᠭᠤᠯᠤᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠦᠢᠯᠡᠰ ᠢ ᠦᠷᠭᠦᠯᠵᠢᠯᠡᠨ ᠬᠦᠭᠵᠢᠬᠦᠯᠬᠦ ᠶᠢᠨ ᠬᠠᠮᠲᠤ ᠰᠢᠯᠢ ᠶᠢᠨ ᠭᠤᠣᠯ ᠠᠶᠢᠮᠠᠭ ᠤᠨ ᠰᠠᠭᠤᠭᠠᠯᠢ ᠠᠷᠠᠳ ᠤᠨ ᠭᠡᠷ ᠪᠦᠯᠢ ᠶᠢᠨ ᠰᠤᠷᠭᠠᠨ ᠬᠥᠮᠦᠵᠢᠯ ᠳᠤ ᠪᠡᠯᠡ ᠤᠷᠤᠭᠤᠯᠬᠤ ᠲᠤᠬᠠᠶ ᠤᠢᠢᠯᠡᠭᠠᠭᠳᠠᠬᠤᠨ ᠲᠠᠰᠤᠷᠠᠯᠳᠠ ᠦᠭᠡᠢ ᠴᠢᠩᠭᠠᠷᠠᠪᠠ᠃ ᠣᠳᠣᠬᠠᠨ ᠤ ᠰᠢᠨ᠎ᠡ ᠮᠡᠳᠡᠯᠭᠡ᠂ ᠰᠢᠨ᠎ᠡ ᠮᠡᠷᠭᠡᠵᠢᠯ ᠤᠨ ᠰᠢᠨᠡᠴᠢᠯᠡᠯᠲᠡ ᠲᠠᠰᠤᠷᠠᠯᠳᠠ ᠥᠭᠡᠢ ᠲᠦᠷᠭᠡᠳᠴᠦ ᠪᠠᠶᠢᠬᠤ ᠵᠢᠴᠢ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠠᠵᠢᠯ ᠤᠨ ᠪᠠᠶᠢᠷᠢ ᠶᠢᠨ ᠥᠷᠢᠰᠥᠯᠳᠦᠭᠡᠨ ᠠᠴᠠ ᠪᠤᠯᠤᠭᠠᠳ᠂ ᠮᠠᠰᠢ ᠣᠯᠠᠨ ᠢᠳᠡᠷ ᠨᠠᠰᠤᠨ ᠤ ᠬᠦᠮᠦᠰ ᠳᠠᠬᠢᠨ ᠰᠤᠷᠭᠠᠨ ᠬᠥᠮᠦᠵᠢᠯ ᠬᠦᠷᠲᠡᠬᠦ ᠪᠠ ᠰᠢᠨ᠎ᠡ ᠮᠡᠳᠡᠯᠭᠡ᠂ ᠰᠢᠨ᠎ᠡ ᠮᠡᠷᠭᠡᠵᠢᠯ ᠰᠤᠷᠤᠯᠴᠠᠬᠤ ᠡᠩᠨᠡᠭᠡᠨ ᠳᠤ ᠤᠷᠤᠭᠰᠠᠨ ᠪᠠᠶᠢᠨ᠎ᠠ᠃ ᠭᠡᠷ ᠤᠨ ᠠᠬᠠᠮᠠᠳ ᠶᠡᠭᠡ ᠬᠡᠮᠵᠢᠶᠡᠨ ᠤ ᠪᠡᠯᠡ ᠮᠥᠩᠭᠦ ᠵᠠᠷᠤᠴᠠᠭᠤᠯᠤᠨ ᠦᠷ᠎ᠡ ᠬᠡᠦᠬᠡᠳ ᠲᠡᠭᠡᠨ ᠰᠠᠶᠢᠨ ᠰᠤᠷᠭᠠᠭᠤᠯᠢ ᠰᠤᠩᠭᠤᠨ ᠦᠭᠴᠦ᠂ ᠭᠡᠷ ᠤᠨ ᠪᠠᠭᠰᠢ ᠵᠠᠯᠠᠨ᠂ ᠡᠯ᠎ᠡ ᠲᠦᠷᠦᠯ ᠤᠨ ᠴᠢᠩᠭᠠᠳᠬᠠᠬᠤ ᠠᠩᠬᠢ᠂ ᠣᠨᠴᠠ ᠴᠢᠳᠠᠪᠤᠷᠢ ᠶᠢᠨ ᠠᠩᠭᠢ ᠳᠤ ᠤᠷᠤᠯᠴᠠᠭᠤᠯᠵᠤ ᠪᠠᠶᠢᠨ᠎ᠠ᠃ ᠮᠠᠯᠴᠢᠨ ᠲᠠᠷᠢᠶᠠᠴᠢᠳ ᠤᠨ ᠦᠷ᠎ᠡ ᠬᠡᠦᠬᠡᠳ ᠢᠶᠠᠨ ᠰᠤᠷᠭᠠᠨ ᠬᠥᠮᠦᠵᠢᠭᠦᠯᠬᠦ ᠣᠶᠢᠯᠠᠭᠠᠭᠳᠠᠬᠤᠨ ᠶᠡᠬᠡᠪᠡᠷ ᠦᠭᠡᠷᠡᠴᠢᠯᠡᠭᠳᠡᠵᠤ᠂ ᠦᠷ᠎ᠡ ᠬᠡᠦᠬᠡᠳ ᠤᠨ ᠢᠶᠠᠨ ᠰᠤᠷᠭᠠᠨ ᠬᠥᠮᠦᠵᠢᠯ ᠳᠠᠬᠢ ᠣᠷᠣᠭᠤᠯᠤᠯᠲᠠ ᠪᠠᠨ ᠨᠡᠮᠡᠭᠳᠡᠭᠦᠯᠵᠤ᠂ ᠰᠠᠭᠤᠭᠠᠯᠢ ᠠᠷᠠᠳ ᠤᠨ ᠰᠤᠷᠭᠠᠨ ᠬᠥᠮᠦᠵᠢᠯ ᠤᠨ ᠵᠠᠷᠤᠯᠭ᠎ᠠ ᠶᠢᠨ ᠨᠡᠮᠡᠭᠳᠡᠯ ᠢ ᠶᠡᠭᠡ ᠪᠠᠷ ᠠᠬᠢᠭᠤᠯᠤᠭᠰᠠᠨ ᠪᠠᠶᠢᠨ᠎ᠠ᠃ ᠬᠤᠲᠠ ᠬᠥᠳᠡᠭᠡ ᠶᠢᠨ ᠨᠢᠭᠡ ᠴᠣᠭᠴᠠᠵᠢᠭᠰᠠᠨ ᠰᠠᠭᠤᠭᠠᠯᠢ ᠡᠷᠦᠬᠡ ᠳᠤ ᠬᠢᠭᠰᠡᠨ ᠪᠠᠶᠢᠴᠠᠭᠠᠯᠲᠠ ᠶᠢᠨ ᠲᠤᠭ᠎ᠠ ᠪᠠᠷᠢᠮᠲᠠ ᠠᠴᠠ ᠦᠵᠡᠪᠡᠯ᠄ 2015 ᠣᠨ ᠳᠤ ᠰᠢᠯᠢ ᠶᠢᠨ ᠭᠤᠣᠯ ᠠᠶᠢᠮᠠᠭ ᠤᠨ ᠬᠤᠳᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠰᠤᠷᠭᠠᠨ ᠬᠥᠮᠦᠵᠢᠯ ᠰᠣᠶᠣᠯ ᠴᠡᠩᠭᠡᠯ ᠤᠨ ᠳᠤᠮᠳᠠᠴᠢ ᠵᠠᠷᠤᠯᠭ᠎ᠠ ᠨᠢ 2320 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.4%᠎ ᠪᠠᠷ ᠨᠡᠮᠡᠭᠳᠡᠪᠡ᠃ ᠡᠭᠦᠨ ᠳᠤ᠂ ᠬᠦᠮᠦᠨ ᠪᠦᠷᠢ ᠶᠢᠨ ᠳᠤᠮᠳᠠᠴᠢ ᠰᠤᠷᠭᠠᠨ ᠬᠥᠮᠦᠵᠢᠯ ᠤᠨ ᠵᠠᠷᠤᠯᠭ᠎ᠠ ᠨᠢ 928 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.1%᠎ ᠪᠠᠷ ᠨᠡᠮᠡᠭᠳᠡᠪᠡ︔ ᠰᠢᠯᠢ ᠶᠢᠨ ᠭᠤᠣᠯ ᠠᠶᠢᠮᠠᠭ ᠤᠨ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠰᠤᠷᠭᠠᠨ ᠬᠥᠮᠦᠵᠢᠯ ᠰᠣᠶᠣᠯ ᠴᠡᠩᠭᠡᠯ ᠤᠨ ᠳᠤᠮᠳᠠᠴᠢ ᠵᠠᠷᠤᠯᠭ᠎ᠠ ᠨᠢ 807 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2%᠎ ᠢᠶᠠᠷ ᠨᠡᠮᠡᠭᠳᠡᠪᠡ᠃ ᠡᠭᠦᠨ ᠳᠤ᠂ ᠬᠦᠮᠦᠨ ᠪᠦᠷᠢ ᠶᠢᠨ ᠳᠤᠮᠳᠠᠴᠢ ᠰᠤᠷᠭᠠᠨ ᠬᠥᠮᠦᠵᠢᠯ ᠤᠨ ᠵᠠᠷᠤᠯᠭ᠎ᠠ ᠨᠢ 630 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.8%᠎ ᠪᠠᠷ ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号