2016 ᠣᠨ ᠳᠤ᠂ ᠪᠠᠶᠠᠨᠨᠠᠭᠤᠷ ᠬᠤᠳᠠ ᠶᠢᠨ ᠠᠵᠢᠯ ᠣᠯᠭᠤᠬᠤ ᠲᠣᠪᠴᠢᠶ᠎ᠠ ᠨᠢ ᠮᠡᠳᠡᠭᠡ | ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠬᠤᠳᠠ᠂ ᠬᠤᠰᠢᠭᠤ ᠰᠢᠶᠠᠨ | ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠦᠷᠪᠡᠨ | ᠱᠠᠲᠤ ᠶᠢᠨ ᠠᠵᠢᠯ ᠣᠯᠭᠤᠬᠤ ᠦᠢᠯᠡᠴᠢᠯᠡᠭᠡᠨ ᠤ ᠮᠡᠳᠡᠭᠡ ᠵᠠᠩᠭᠢ ᠶᠢᠨ ᠰᠦᠯᠵᠢᠶ᠎ᠡ ᠶᠢ ᠪᠠᠬᠢᠵᠢᠭᠦᠯᠦᠨ ᠪᠦᠷᠢᠨᠰᠢᠭᠦᠯᠵᠦ᠂ | ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠯᠲᠠ ᠶᠢ ᠪᠠᠷᠢᠮᠵᠢᠶᠠᠵᠢᠭᠤᠯᠬᠤ᠂ ᠠᠷᠠᠳ ᠲᠤ | ᠳᠦᠭᠦᠮ ᠦᠵᠡᠭᠦᠯᠬᠦ ᠶᠢ ᠲᠦᠯᠬᠢᠨ ᠠᠬᠢᠭᠤᠯᠪᠠ᠃ | ᠨᠢᠭᠡ ᠳᠤ ᠪᠠᠶᠠᠨᠨᠠᠭᠤᠷ ᠬᠤᠳᠠ ᠶᠢᠨ ︽ᠬᠤᠶᠠᠷ ᠵᠠᠬ᠎ᠠ ᠳᠡᠯᠭᠡᠭᠦᠷ ︵ᠬᠤᠳᠠ ᠶᠢᠨ ᠬᠥᠮᠦᠨ ᠤ ᠬᠦᠴᠦᠨ ᠤ | ᠡᠬᠢ ᠪᠠᠶᠠᠯᠢᠭ ᠤᠨ ᠵᠠᠬ᠎ᠠ ᠳᠡᠯᠭᠡᠭᠦᠷ ᠪᠣᠯᠤᠨ ᠪᠣᠷᠣᠲᠣᠬᠤᠶ ᠶᠢᠨ ᠴᠢᠳᠠᠪᠤᠷᠢᠲᠠᠨ ᠤ ᠵᠠᠬ᠎ᠠ ᠳᠡᠯᠭᠡᠭᠦᠷ︶︾᠂ ︽ | ᠬᠤᠶᠠᠷ ᠰᠦᠯᠵᠢᠶ᠎ᠡ ︵ᠬᠤᠳᠠ ᠶᠢᠨ ᠠᠵᠢᠯ ᠣᠯᠭᠤᠬᠤ ᠰᠦᠯᠵᠢᠶ᠎ᠡ ᠪᠣᠯᠤᠨ ᠪᠣᠷᠣᠲᠣᠬᠤᠶ ᠶᠢᠨ ᠴᠢᠳᠠᠪᠤᠷᠢᠲᠠᠨ ᠤ | ᠰᠦᠯᠵᠢᠶ᠎ᠡ︶︾᠂ ︽ᠬᠤᠶᠠᠷ ᠸᠢᠴᠠᠲ ᠤᠨ ᠲᠠᠪᠴᠠᠩ ︵ᠪᠠᠶᠠᠨᠨᠠᠭᠤᠷ ᠬᠤᠳᠠ ᠶᠢᠨ ᠠᠵᠢᠯ ᠣᠯᠭᠤᠯᠲᠠ ᠶᠢᠨ ᠭᠡᠷ | ᠪᠣᠯᠤᠨ ᠪᠠᠶᠠᠨᠨᠠᠭᠤᠷ ᠬᠤᠲᠠ ᠶᠢᠨ ᠪᠣᠷᠣᠲᠣᠬᠤᠶ ᠶᠢᠨ ᠴᠢᠳᠠᠪᠤᠷᠢᠲᠠᠨ ᠤ ᠵᠠᠬ᠎ᠠ ᠳᠡᠯᠭᠡᠭᠦᠷ︶︾ ᠢ ᠦᠷᠭᠦᠯᠵᠢᠯᠡᠨ | ᠰᠠᠶᠢᠲᠤᠷ ᠠᠰᠢᠭᠯᠠᠵᠤ᠂ ᠤᠷᠢᠵᠤ ᠬᠡᠷᠡᠭᠯᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠪᠠ᠃ 12333 | ᠮᠡᠳᠡᠭᠡ ᠵᠠᠩᠭᠢ ᠶᠢᠨ ᠰᠢᠰᠲ᠋ᠧᠮ ᠯᠦᠭᠡ ᠵᠠᠯᠭᠠᠯᠳᠤᠭᠤᠯᠬᠤ ᠶᠢ ᠰᠠᠶᠢᠲᠤᠷ ᠬᠢᠪᠡ᠃ ︽ᠲᠤᠭ᠎ᠠ ᠪᠠᠷᠢᠮᠲᠠ ᠶᠢ ᠳᠡᠭᠡᠭᠰᠢ | ᠲᠥᠪᠯᠡᠷᠡᠭᠦᠯᠵᠦ᠂ ᠦᠢᠯᠡᠴᠢᠯᠡᠭᠡ ᠶᠢ ᠳᠣᠷᠣᠭᠰᠢ ᠤᠷᠲᠤᠳᠬᠠᠵᠤ᠂ ᠰᠦᠯᠵᠢᠶ᠎ᠠ ᠶᠢ ᠬᠢᠵᠠᠭᠠᠷ ᠲᠤᠨᠢ ᠬᠦᠷᠲᠡᠯ᠎ᠡ | ᠲᠤᠯᠭᠠᠵᠤ᠂ ᠮᠡᠳᠡᠭᠡ ᠵᠠᠩᠭᠢ ᠶᠢ ᠪᠦᠬᠦ ᠬᠤᠲᠠ ᠪᠠᠷ ᠢᠶᠠᠨ ᠬᠦᠷᠲᠡᠬᠦ︾ ᠱᠠᠭᠠᠷᠳᠠᠯᠭ᠎ᠠ ᠶᠣᠰᠣᠭᠠᠷ᠂ ᠪᠠᠶᠠᠨᠨᠠᠭᠤᠷ | ᠬᠤᠳᠠ ᠶᠢᠨ ᠤᠯᠠᠨ ᠨᠡᠶᠢᠳᠡ ᠶᠢᠨ ᠠᠵᠢᠯ ᠣᠯᠭᠤᠬᠤ ᠦᠢᠯᠡᠴᠢᠯᠡᠭᠡᠨ ᠤ ᠮᠡᠳᠡᠭᠡ ᠵᠠᠩᠬᠢᠴᠢᠯᠠᠬᠤ ᠪᠠᠶᠢᠭᠤᠯᠤᠯᠲᠠ ᠶᠢ | ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠷᠢᠮᠵᠢᠶ᠎ᠠ ᠢ | ᠳᠡᠭᠡᠭᠰᠢᠯᠡᠭᠦᠯᠪᠠ᠃ ᠬᠤᠶᠠᠷ ᠲᠤ᠂ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠲᠠᠨᠢᠯᠴᠠᠭᠤᠯᠭ᠎ᠠ ᠶᠢᠨ | ᠪᠠᠶᠢᠭᠤᠯᠤᠮᠵᠢ ᠶᠢ ᠨᠢᠭᠡᠳᠦᠯᠲᠡᠶ ᠲᠥᠯᠥᠪᠵᠢᠭᠦᠯᠬᠦ ᠪᠠ ᠬᠠᠮᠢᠶᠠᠷᠴᠤ᠂ ᠠᠯᠪᠠᠨ ᠠᠴᠠ ᠡᠷᠭᠢᠯᠡᠭᠰᠡᠨ + ᠠᠷᠠᠳ ᠠᠴᠠ | ᠡᠷᠬᠢᠯᠡᠭᠰᠡᠨ ᠵᠠᠭᠪᠤᠷ ᠢᠶᠠᠷ ᠠᠵᠢᠯ ᠡᠷᠢᠭᠴᠢᠳ ᠲᠤ ᠤᠯᠠᠨ ᠨᠡᠶᠢᠲᠡ ᠶᠢᠨ ᠠᠵᠢᠯ ᠣᠯᠭᠤᠬᠤ ᠴᠢᠨᠠᠷ ᠰᠠᠶᠢᠲᠠᠶ | ᠦᠢᠯᠡᠴᠢᠯᠡᠭᠡ ᠶᠢ ᠬᠦᠷᠲᠡᠭᠡᠪᠡ᠃ ᠡᠭᠦᠨ ᠤ ᠬᠠᠮᠲᠤ᠂ ᠡᠯ᠎ᠡ ᠲᠥᠷᠥᠯ ᠤᠨ ᠳᠠᠩᠰᠠᠯᠠᠭᠤᠯᠤᠭᠰᠠᠨ ᠠᠵᠢᠯ | ᠠᠯᠳᠠᠭᠰᠠᠳ ᠲᠤ ᠠᠳᠠᠯᠢ ᠲᠡᠭᠰᠢ ᠳᠦᠷᠦ ᠶᠢᠨ ᠪᠤᠳᠤᠯᠭ᠎ᠠ ᠶᠢᠨ ᠵᠥᠪᠯᠡᠯᠭᠡ᠂ ᠠᠵᠢᠯ ᠮᠡᠷᠭᠡᠵᠢᠯ ᠤᠨ ᠵᠢᠯᠤᠭᠤᠳᠤᠯᠭ᠎ᠠ᠂ | ᠠᠵᠢᠯ ᠮᠡᠷᠭᠡᠵᠢᠯ ᠲᠠᠨᠢᠯᠴᠠᠭᠤᠯᠬᠤ ᠵᠡᠷᠭᠡ ᠤᠯᠠᠨ ᠨᠡᠶᠢᠲᠡ ᠶᠢᠨ ᠠᠵᠢᠯ ᠣᠯᠭᠤᠬᠤ ᠦᠨᠳᠦᠰᠦᠨ ᠦᠢᠯᠡᠴᠢᠯᠡᠭᠡ ᠪᠠ | ᠲᠦᠭᠡᠮᠡᠯ ᠬᠦᠷᠲᠡᠬᠡᠮᠵᠢᠲᠤ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠬᠦᠷᠲᠡᠭᠡᠪᠡ᠃ ᠬᠤᠲᠠ | ᠪᠠᠯᠭᠠᠰᠤᠨ ᠤ ᠪᠠᠶᠢᠩᠭᠤ ᠰᠠᠭᠤᠭ᠎ᠠ ᠬᠥᠮᠥᠰ ᠲᠤᠰ ᠭᠠᠵᠠᠷ ᠤᠨ ᠡᠷᠦᠬᠡ ᠠᠮᠠ ᠶᠢᠨ ᠳᠠᠩᠰᠠ ᠲᠠᠢ ᠬᠥᠮᠦᠰ ᠲᠠᠢ | ᠠᠳᠠᠯᠢ ᠪᠠᠷ ᠠᠵᠢᠯ ᠣᠯᠬᠤ ᠠᠳᠠᠯ ᠦᠢᠯᠡᠰ ᠴᠣᠭᠴᠠᠯᠠᠬᠤ ᠲᠡᠳᠬᠦᠬᠦ ᠲᠦᠷᠦ ᠶᠢᠨ ᠪᠤᠳᠤᠯᠭ᠎ᠠ ᠬᠦᠷᠲᠡᠬᠦ ᠶᠢ ᠨᠢ | ᠪᠠᠲᠤᠯᠠᠭᠰᠠᠨ ᠪᠥᠭᠡᠳ ᠲᠥᠯᠥᠪᠦᠷᠢ ᠦᠭᠡᠢ ᠪᠠᠷ ︽ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠨᠡᠮᠯᠡᠯ︾ | ᠣᠯᠭᠤᠪᠠ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠠᠶᠠᠨᠨᠠᠭᠤᠷ ᠬᠤᠳᠠ ᠶᠢᠨ ᠠᠵᠢᠯ | ᠣᠯᠭᠤᠬᠤ ᠲᠣᠪᠴᠢᠶ᠎ᠠ ᠨᠢ ᠪᠠᠶᠠᠨᠨᠠᠭᠤᠷ ᠬᠤᠳᠠ ᠶᠢᠨ ᠬᠤᠲᠠ ᠪᠠᠯᠭᠠᠰᠤᠨ ᠤ ᠠᠵᠢᠯᠯᠠᠵᠤ ᠪᠠᠶᠢᠭ᠎ᠠ ᠬᠥᠮᠦᠰ ᠪᠠ ᠠᠵᠢᠯ | ᠠᠯᠳᠠᠭᠰᠠᠳ ᠪᠦᠬᠦᠨ ᠳᠤ ᠠᠵᠢᠯ ᠣᠯᠭᠤᠬᠤ ᠪᠠ ᠳᠠᠩᠰᠠᠯᠠᠭᠤᠯᠤᠭᠰᠠᠨ ᠠᠵᠢᠯ ᠠᠯᠳᠠᠭᠰᠠᠨ ᠳᠠᠩᠰᠠᠯᠠᠯ ᠬᠢᠬᠦ ᠪᠣᠯᠣᠨ᠎ᠠ᠃ | |