| | ᠣᠶᠢᠷ᠎ᠠ ᠳᠤ᠂ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠤᠯᠠᠨ ᠤᠯᠤᠰ ᠤᠨ ᠬᠠᠮᠲᠤᠷᠠᠯᠴᠠᠭᠠᠨ ᠤ | ᠵᠤᠷᠭᠠᠨ ᠤ ᠲᠣᠭᠤᠷᠢᠨ ᠪᠠᠶᠢᠴᠠᠭᠠᠭᠴᠢ ᠯᠢ ᠶᠠ ᠶᠢᠩ ᠵᠡᠷᠭᠡ ᠬᠥᠮᠦᠰ ᠰᠢᠭᠤᠶᠢᠲᠤ ᠲᠤᠭᠤᠷᠢᠭ ᠲᠤ ᠬᠦᠷᠴᠦ | ᠪᠠᠶᠢᠴᠠᠭᠠᠨ ᠰᠤᠳᠤᠯᠤᠯᠲᠠ ᠬᠢᠵᠦ᠂ ᠪᠠᠳᠺᠠᠷ ᠵᠤᠤ ᠶᠢᠨ ᠤᠯᠤᠰ ᠤᠨ 5 A ᠳᠡᠰ ᠤᠨ ᠵᠢᠭᠤᠯᠴᠢᠯᠠᠯ ᠤᠨ | ᠦᠵᠡᠮᠵᠢᠲᠦ ᠣᠷᠣᠨ ᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ᠂ ᠵᠢᠭᠤᠯᠴᠢᠯᠠᠯ ᠤᠨ ᠰᠣᠶᠣᠯ ᠤᠨ | ᠠᠵᠤ ᠦᠢᠯᠡᠰ ᠤᠨ ᠨᠡᠭᠡᠭᠡᠨ ᠬᠦᠭᠵᠢᠭᠦᠯᠦᠯᠲᠡ ᠪᠣᠯᠤᠨ ᠲᠡᠦᠬᠡ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠨ | ᠠᠰᠢᠭᠯᠠᠵᠤ ᠪᠠᠶᠢᠭ᠎ᠠ ᠪᠠᠶᠢᠳᠠᠯ ᠢ ᠭᠤᠤᠯᠳᠠᠯᠭ᠎ᠠ ᠲᠠᠢ ᠤᠶᠢᠯᠠᠭᠠᠪᠠ᠃ ᠤᠯᠤᠰ ᠤᠨ ᠵᠢᠭᠤᠯᠴᠢᠯᠠᠯ ᠤᠨ | ᠲᠣᠪᠴᠢᠶ᠎ᠠ ᠶᠢᠨ ᠧᠦ᠋ᠷᠣᠫᠠ ᠠᠮᠧᠷᠢᠺᠠ ᠲᠢᠪ ᠤᠨ ᠭᠠᠵᠠᠷ᠂ ᠤᠬᠠᠭᠤᠯᠤᠨ ᠳᠡᠯᠭᠡᠷᠡᠭᠦᠯᠬᠦ ᠭᠠᠵᠠᠷ᠂ ᠳᠡᠭᠡᠳᠦ | ᠵᠡᠷᠭᠡ ᠶᠢᠨ ᠤᠷᠴᠢᠭᠤᠯᠤᠭᠴᠢ ᠪᠠ ᠤᠭᠲᠤᠯᠭ᠎ᠠ ᠶᠢᠨ ᠭᠠᠵᠠᠷ᠂ ᠶᠡᠷᠦᠩᠬᠡᠶ ᠵᠤᠷᠭᠠᠨ ᠤ ᠰᠣᠨᠢᠨ ᠮᠡᠳᠡᠭᠡᠨ ᠤ ᠭᠠᠵᠠᠷ᠂ | ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠶᠢᠨ ᠲᠥᠯᠥᠪᠵᠢᠭᠦᠯᠭᠡ ᠬᠥᠭᠵᠢᠭᠦᠯᠦᠯᠲᠡ ᠶᠢᠨ | ᠭᠠᠵᠠᠷ᠂ ᠵᠢᠭᠤᠯᠴᠢᠯᠠᠯ ᠤᠨ ᠬᠠᠮᠲᠤᠷᠠᠯᠴᠠᠭᠠᠨ ᠤ ᠭᠠᠵᠠᠷ᠂ ᠪᠤᠭᠤᠲᠤ ᠬᠤᠳᠠ ᠶᠢᠨ ᠵᠢᠭᠤᠯᠴᠢᠯᠠᠯ ᠤᠨ ᠲᠣᠪᠴᠢᠶ᠎ᠠ᠂ | ᠰᠢᠭᠤᠶᠢᠲᠤ ᠲᠤᠭᠤᠷᠢᠭ ᠤᠨ ᠵᠠᠰᠠᠭ ᠤᠨ ᠣᠷᠳᠣᠨ᠂ ᠪᠠᠳᠺᠠᠷ ᠵᠤᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ | ᠵᠥᠪᠯᠡᠯ᠂ ᠪᠠᠳᠺᠠᠷ ᠵᠤᠤ ᠶᠢᠨ ᠬᠠᠮᠢᠶᠠᠷᠤᠯᠲᠠ ᠶᠢᠨ ᠭᠠᠵᠠᠷ᠂ ᠰᠢᠭᠤᠶᠢᠲᠤ ᠲᠤᠭᠤᠷᠢᠭ ᠤᠨ ᠵᠢᠭᠤᠯᠴᠢᠯᠠᠯ ᠤᠨ | ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠠᠵᠢᠯᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ | ᠬᠢᠪᠡ᠃ | ᠪᠠᠶᠢᠴᠠᠭᠠᠨ ᠰᠤᠳᠤᠯᠬᠤ ᠲᠤᠭᠤᠶᠢᠯᠠᠩ ᠤᠨ ᠬᠦᠮᠦᠰ ᠪᠠᠳᠺᠠᠷ ᠵᠤᠤ ᠶᠢᠨ ᠦᠵᠡᠮᠵᠢᠲᠦ ᠣᠷᠣᠨ ᠳᠤ | ᠭᠦᠨᠵᠡᠭᠡᠶᠢᠷᠡᠵᠦ᠂ ᠤᠷᠢᠳ ᠬᠤᠵᠢᠳ ᠦᠵᠡᠮᠵᠢᠲᠦ ᠣᠷᠣᠨ ᠤ ᠭᠤᠣᠯ ᠤᠨ ᠵᠠᠮ ᠤᠨ ᠵᠠᠰᠠᠯᠲᠠ᠂ ᠴᠡᠴᠡᠷᠯᠢᠭ ᠤᠨ | ᠨᠤᠭᠤᠭᠠᠷᠠᠭᠤᠯᠤᠯᠲᠠ᠂ ᠯᠢᠩᠬᠤᠸ᠎ᠠ ᠶᠢᠨ ᠴᠦᠬᠦᠷᠡᠮ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠣᠷᠳᠣᠨ ᠵᠡᠷᠭᠡ | ᠡᠯ᠎ᠡ ᠵᠦᠢᠯ ᠤᠨ ᠬᠠᠮᠠᠭᠠᠯᠠᠯᠲᠠ ᠶᠢᠨ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠲᠦᠷᠦᠯ ᠵᠦᠢᠯ ᠢ ᠰᠢᠨᠵᠢᠯᠡᠵᠦ᠂ | ᠲᠦᠷᠦᠯ ᠵᠦᠢᠯ ᠤᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠠᠬᠢᠴᠠ᠂ ᠠᠵᠢᠯ ᠤᠨ ᠬᠤᠭᠤᠴᠠᠭ᠎ᠠ ᠶᠢᠨ | ᠲᠤᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠤᠶᠢᠯᠭᠠᠬᠤ ᠶᠢᠨ ᠬᠠᠮᠲᠤ ᠰᠢᠭᠤᠶᠢᠲᠤ ᠲᠤᠭᠤᠷᠢᠭ ᠤᠨ ᠪᠡᠳᠺᠠᠷ | ᠵᠤᠤ ᠶᠢᠨ ᠤᠯᠤᠰ ᠤᠨ 5 A ᠳᠡᠰ ᠤᠨ ᠵᠢᠭᠤᠯᠴᠢᠯᠠᠯ ᠤᠨ ᠦᠵᠡᠮᠵᠢᠲᠦ ᠣᠷᠣᠨ ᠢ ᠡᠭᠦᠳᠦᠨ ᠪᠠᠶᠢᠭᠤᠯᠬᠤ ᠠᠵᠢᠯ ᠤᠨ | ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠴᠦ᠂ ᠪᠡᠳᠺᠠᠷ ᠵᠤᠤ ᠶᠢᠨ ᠦᠵᠡᠮᠵᠢᠲᠦ ᠣᠷᠣᠨ ᠤ | ᠵᠢᠭᠤᠯᠴᠢᠯᠠᠯ ᠤᠨ ᠰᠣᠶᠣᠯ ᠤᠨ ᠪᠦᠲᠦᠭᠡᠭᠲᠡᠬᠦᠨ ᠳᠤ ᠪᠠᠶᠢᠴᠠᠭᠠᠯᠲᠠ ᠬᠢᠵᠦ᠂ ᠪᠠᠳᠺᠠᠷ ᠵᠤᠤ ᠶᠢᠨ ᠤᠯᠤᠰ ᠤᠨ 5 A | ᠳᠡᠰ ᠤᠨ ᠵᠢᠭᠤᠯᠴᠢᠯᠠᠯ ᠤᠨ ᠦᠵᠡᠮᠵᠢᠲᠦ ᠤᠷᠤᠨ ᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠬᠤ ᠳᠤ ᠪᠤᠭᠤᠲᠤ ᠬᠤᠳᠠ ᠪᠠ ᠰᠢᠭᠤᠶᠢᠲᠤ ᠲᠤᠭᠤᠷᠢᠭ ᠤᠨ ᠠᠵᠢᠯ ᠢ ᠭᠦᠢᠴᠡᠳ ᠨᠤᠲᠠᠯᠠᠨ ᠳᠡᠭᠡᠳᠦ | ᠬᠡᠮᠵᠢᠶ᠎ᠡ ᠪᠠᠷ ᠦᠨᠡᠯᠡᠭᠰᠡᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠴᠢᠬᠤᠯᠠᠴᠢᠯᠠᠭᠰᠠᠨ ᠨᠢ᠂ ᠪᠠᠳᠺᠠᠷ | ᠵᠤᠤ ᠶᠢᠨ ᠡᠷᠬᠢᠮ ᠨᠠᠨᠳᠢᠨ ᠲᠡᠦᠬᠡ ᠰᠣᠶᠣᠯ ᠤᠨ ᠥᠪ ᠢ ᠦᠷᠭᠦᠯᠵᠢᠯᠡᠨ ᠰᠠᠶᠢᠲᠤᠷ ᠬᠠᠮᠠᠭᠠᠯᠠᠵᠤ᠂ ᠰᠠᠶᠢᠲᠤᠷ | ᠤᠯᠠᠮᠵᠢᠯᠠᠵᠤ᠂ ᠰᠠᠶᠢᠲᠤᠷ ᠨᠡᠭᠡᠭᠡᠨ ᠠᠰᠢᠭᠯᠠᠵᠤ᠂ ᠪᠠᠳᠺᠠᠷ ᠵᠤᠤ ᠶᠢᠨ ᠦᠵᠡᠮᠵᠢᠲᠦ ᠣᠷᠣᠨ ᠤ ᠪᠣᠳᠠᠲᠠᠶ ᠳᠤ | ᠰᠠᠭᠤᠷᠢᠯᠠᠨ᠂ ᠵᠢᠭᠤᠯᠴᠢᠯᠠᠯ ᠤᠨ ᠰᠣᠶᠣᠯ ᠪᠠ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠨᠠᠷᠢᠨ ᠨᠢᠮᠪᠠᠶ | ᠦᠨᠡᠨ ᠪᠣᠳᠠᠲᠠᠶ ᠨᠠᠷᠢᠯᠢᠭ ᠬᠢᠵᠦ᠂ ᠵᠢᠭᠤᠯᠴᠢᠯᠠᠯ ᠤᠨ ᠰᠤᠶᠤᠯ ᠤᠨ ᠠᠵᠤ ᠦᠢᠯᠡᠰ ᠤᠨ ᠴᠡᠴᠡᠭᠯᠡᠯᠲᠡ ᠶᠢ ᠦᠨᠡᠨ ᠬᠦ | ᠲᠦᠯᠬᠢᠨ ᠠᠬᠢᠭᠤᠯᠵᠤ᠂ ᠡᠬᠢ ᠪᠠᠶᠠᠯᠢᠭ ᠨᠢ ᠰᠢᠪᠬᠠᠷᠤᠭᠰᠠᠨ ᠭᠠᠵᠠᠷ ᠣᠷᠣᠨ ᠤ ᠪᠦᠬᠦ ᠲᠠᠯ᠎ᠠ ᠪᠠᠷ ᠬᠡᠯᠪᠡᠷᠢ ᠪᠠᠨ | ᠬᠤᠪᠢᠷᠠᠭᠤᠯᠬᠤ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠤ ᠬᠦᠴᠦ ᠪᠠᠨ ᠡᠷᠭᠦᠬᠦ ᠬᠡᠷᠡᠭᠲᠡᠢ | ᠭᠡᠪᠡ᠃ | ᠤᠢᠢᠷ᠎ᠠ ᠶᠢᠨ ᠵᠢᠯ ᠤᠳ ᠲᠤ᠂ ᠪᠡᠳᠺᠠᠷ ᠵᠤᠤ ᠤᠯᠤᠰ ᠤᠨ 5 A ᠳᠡᠰ ᠤᠨ ᠵᠢᠭᠤᠯᠴᠢᠯᠠᠯ ᠤᠨ ᠦᠵᠡᠮᠵᠢᠲᠦ | ᠤᠷᠤᠨ ᠢ ᠪᠦᠬᠦ ᠬᠦᠴᠦ ᠪᠠᠷ ᠢᠶᠠᠨ ᠡᠭᠦᠳᠦᠨ ᠪᠠᠶᠢᠭᠤᠯᠵᠤ᠂ 3.8 ᠳ᠋ᠦᠩᠰᠢᠭᠤᠷ ᠲᠥᠭᠦᠷᠢᠭ ᠪᠡᠯᠡ | ᠤᠷᠤᠭᠤᠯᠬᠤ ᠪᠠᠷ ᠲᠦᠯᠦᠪᠯᠡᠵᠦ᠂ ᠤᠯᠤᠰ ᠤᠨ 5 A ᠳᠡᠰ ᠤᠨ ᠵᠢᠭᠤᠯᠴᠢᠯᠠᠯ ᠤᠨ ᠦᠵᠡᠮᠵᠢᠲᠦ ᠣᠷᠣᠨ ᠡᠭᠦᠳᠦᠨ | ᠪᠠᠶᠢᠭᠤᠯᠬᠤ ᠳᠠᠬᠢ ︽ᠵᠢᠭᠤᠯᠴᠢᠯᠠᠯ ᠤᠨ ᠪᠡᠯᠡᠳᠬᠡᠮᠵᠢ ᠬᠢᠭᠡᠳ ᠦᠢᠯᠡᠴᠢᠯᠡᠭᠡᠨ ᠤ ᠶᠠᠰᠤ ᠴᠢᠨᠠᠷ ᠲᠤ ᠬᠤᠪᠢ ᠦᠭᠬᠦ | ᠨᠠᠷᠢᠨ ᠳᠦᠷᠢᠮ︾ ᠶᠤᠰᠤᠭᠠᠷ᠂ ᠡᠭᠦᠳᠦᠨ ᠪᠠᠶᠢᠭᠤᠯᠬᠤ ᠪᠠᠷ ᠭᠤᠤᠯᠴᠢᠯᠠᠨ ᠮᠡᠳᠡᠭᠦᠯᠬᠦ᠂ ᠳᠤᠲᠠᠭᠤ ᠲᠠᠯ᠎ᠠ ᠪᠠᠨ | ᠨᠦᠬᠦᠪᠦᠷᠢᠯᠡᠬᠦ᠂ ᠰᠠᠭᠤᠷᠢ ᠪᠦᠳᠦᠭᠡᠨ ᠪᠠᠶᠢᠭᠤᠯᠤᠯᠲᠠ ᠬᠢᠬᠦ ᠵᠡᠷᠭᠡ 3 ᠲᠠᠯ᠎ᠠ ᠶᠢᠨ ᠠᠵᠢᠯ ᠢ ᠭᠦᠨᠵᠡᠭᠡᠢ ᠦᠷᠨᠢᠭᠦᠯᠵᠦ᠂ | 20 ᠲᠦᠷᠦᠯ ᠵᠦᠢᠯ ᠢ ᠦᠷᠭᠦᠯᠵᠢᠯᠡᠨ ᠪᠠᠶᠢᠭᠤᠯᠬᠤ ᠪᠠ ᠰᠢᠨ᠎ᠡ ᠪᠠᠷ ᠪᠠᠶᠢᠭᠤᠯᠬᠤ ᠪᠠᠷ ᠲᠦᠯᠦᠪᠯᠡᠵᠦ᠂ 6 ᠲᠥᠷᠥᠯ | ᠵᠦᠢᠯ ᠤᠨ ᠵᠥᠭᠡᠯᠡᠨ ᠲᠤᠨᠤᠭ ᠤᠨ ᠴᠢᠳᠠᠪᠤᠷᠢ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠰᠣᠶᠣᠯ ᠤᠨ | ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠦᠵᠡᠮᠵᠢᠲᠦ ᠣᠷᠣᠨ ᠤ | ᠰᠣᠶᠣᠯ ᠤᠨ ᠵᠢᠭᠤᠯᠴᠢᠯᠠᠯ ᠤᠨ ᠤᠷᠤᠨ ᠪᠠᠶᠢᠷᠢ ᠶᠢᠨ ᠪᠦᠬᠦ ᠲᠠᠯ᠎ᠠ ᠪᠠᠷ ᠳᠡᠭᠡᠭᠰᠢᠯᠡᠬᠦ ᠶᠢ ᠪᠡᠶᠡᠯᠡᠭᠦᠯᠦᠭᠰᠡᠨ ᠤ ᠬᠠᠮᠲᠤ᠂ | ᠵᠢᠭᠤᠯᠴᠢᠯᠠᠯ ᠤᠨ ᠰᠤᠶᠤᠯ ᠤᠨ ᠬᠠᠮᠢᠶ᠎ᠠ ᠲᠠᠢ ᠠᠵᠤ ᠦᠢᠯᠡᠰ ᠢ ᠭᠦᠨᠵᠡᠭᠡᠶ ᠬᠡᠷᠡᠭᠵᠢᠭᠦᠯᠵᠦ᠂ ᠪᠠᠳᠺᠠᠷ ᠵᠤᠤ ᠶᠢᠨ | ᠦᠵᠡᠮᠵᠢᠲᠦ ᠣᠷᠣᠨ ᠢᠶᠠᠷ ᠳᠠᠭᠠᠭᠤᠯᠤᠭᠴᠢ ᠪᠣᠯᠭᠠᠵᠤ᠂ ᠳᠤᠤᠭᠤᠷ ᠨᠢᠰᠬᠦ ᠨᠢᠰᠦᠯᠲᠡ ᠶᠢᠨ ᠬᠥᠳᠡᠯᠭᠡᠭᠡᠨ ᠪᠠ | ᠰᠣᠶᠣᠯ ᠤᠨ ᠪᠦᠲᠦᠭᠡᠯᠴᠢ ᠺᠢᠨᠣ᠋ ᠲᠧᠯᠸᠢᠰ ᠤᠨ ᠰᠠᠭᠤᠷᠢᠨ ᠭᠠᠵᠠᠷ ᠢᠶᠠᠷ ᠬᠤᠶᠠᠷ ᠵᠢᠭᠦᠷ ᠪᠤᠯᠭᠠᠨ᠂ ᠠᠭᠤᠷᠬᠠᠶ ᠶᠢᠨ | ᠭᠠᠯᠲᠤ ᠲᠡᠷᠭᠡ ᠶᠢᠨ ᠠᠶᠠᠯᠠᠯᠲᠤ ᠵᠢᠭᠤᠯᠴᠢᠯᠠᠯ ᠤᠨ ᠬᠤᠩᠭᠢᠯ᠂ ᠴᠡᠴᠡᠭ ᠵᠢᠮᠢᠰᠲᠦ ᠶᠢᠷᠲᠢᠨᠴᠦ᠂ ᠯᠠᠮᠠ ᠶᠢᠨ ᠭᠤᠣᠯ ᠢ | ᠶᠡᠷᠦᠩᠬᠡᠶᠢᠯᠡᠨ ᠵᠠᠰᠠᠬᠤ ᠪᠠᠷ ᠨᠥᠬᠦᠪᠥᠷᠢ ᠪᠣᠯᠭᠠᠭᠰᠠᠨ ᠰᠣᠶᠣᠯ ᠤᠨ ᠵᠢᠭᠤᠯᠴᠢᠯᠠᠯ ᠰᠡᠯᠡᠭᠦᠴᠡᠯ ᠤᠨ ᠠᠵᠤ ᠦᠢᠯᠡᠰ ᠤᠨ | ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ ᠪᠤᠢ᠃ |