2016 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠰᠢᠯᠢ ᠶᠢᠨ ᠭᠤᠣᠯ ᠠᠶᠢᠮᠠᠭ 94, | 674.80 ᠲᠦᠮᠡᠨ ᠲᠥᠭᠦᠷᠢᠭ ᠤᠨ ᠨᠥᠬᠦᠪᠥᠷᠢ ᠶᠢᠨ ᠪᠡᠯᠡ ᠮᠥᠩᠭᠦ ᠶᠢ ᠪᠦᠬᠦᠨ ᠳᠤ ᠲᠣᠬᠢᠷᠠᠬᠤ ᠺᠠᠷᠲ | ᠬᠡᠷᠡᠭᠯᠡᠬᠦ ᠰᠢᠰᠲ᠋ᠧᠮ ᠢᠶᠠᠷ ᠪᠠᠭᠤᠯᠭᠠᠪᠠ︔ ᠨᠥᠬᠦᠪᠥᠷᠢ ᠨᠢ 10 ᠬᠦᠷᠢᠶᠡᠨ ᠤ 69 ᠲᠥᠷᠥᠯ ᠤᠨ 96 ᠵᠦᠢᠯ ᠳᠤ | ᠬᠤᠯᠪᠣᠭᠳᠠᠵᠤ᠂ ᠡᠭᠦᠨ ᠳᠤ ᠮᠠᠯᠵᠢᠬᠤ ᠲᠠᠷᠢᠶᠠᠯᠠᠬᠤ ᠣᠷᠣᠨ ᠳᠤ 82,961.60 ᠲᠦᠮᠡᠨ ᠲᠥᠭᠦᠷᠢᠭ ᠤᠨ ᠪᠡᠯᠡ | ᠮᠥᠩᠭᠦᠨ ᠤ ᠨᠥᠬᠦᠪᠥᠷᠢ ᠥᠭᠴᠦ᠂ 80.74 ᠲᠦᠮᠡᠨ ᠮᠠᠯᠴᠢᠨ ᠲᠠᠷᠢᠶᠠᠴᠢᠨ ︵ᠤᠳᠠᠭ᠎ᠠ︶ ᠠᠰᠢᠭ ᠬᠦᠷᠲᠡᠪᠡ︔ | ᠬᠤᠲᠠ ᠪᠠᠯᠭᠠᠰᠤᠨ ᠤ ᠰᠠᠭᠤᠭᠠᠯᠢ ᠠᠷᠠᠳ ᠲᠤ 11,713.21 ᠲᠦᠮᠡᠨ ᠲᠥᠭᠦᠷᠢᠭ ᠤᠨ ᠪᠡᠯᠡ ᠮᠥᠩᠭᠦᠨ ᠤ | ᠨᠥᠬᠦᠪᠥᠷᠢ ᠥᠭᠴᠦ᠂ 13.56 ᠲᠦᠮᠡᠨ ᠬᠥᠮᠦᠨ ︵ᠤᠳᠠᠭ᠎ᠠ︶ ᠠᠰᠢᠭ ᠬᠦᠷᠲᠡᠪᠡ᠃ | ᠨᠥᠬᠦᠪᠥᠷᠢ ᠪᠡᠯᠡ ᠮᠥᠩᠭᠦᠨ ᠤ ᠢᠷᠡᠯᠲᠡ ᠶᠢᠨ ᠲᠠᠯ᠎ᠠ ᠠᠴᠠ ᠦᠵᠡᠪᠡᠯ᠂ ᠲᠥᠪ ᠪᠣᠯᠤᠨ ᠥᠪᠡᠷᠲᠡᠭᠡᠨ ᠵᠠᠰᠠᠬᠤ | ᠣᠷᠣᠨ ᠤ ᠪᠡᠯᠡ ᠮᠥᠩᠭᠦ 85,904.38 ᠲᠦᠮᠡᠨ ᠲᠥᠭᠦᠷᠢᠭ ᠪᠠᠶᠢᠵᠤ᠂ ᠪᠠᠭᠤᠯᠭᠠᠭᠰᠠᠨ ᠶᠡᠷᠦᠩᠬᠡᠶ ᠲᠣᠭᠠᠨ ᠤ | 90.74 ᠶᠢ ᠡᠵᠡᠯᠡᠪᠡ︔ ᠠᠶᠢᠮᠠᠭ ᠬᠤᠲᠠ ᠰᠢᠶᠠᠨ ᠤ ᠪᠡᠯᠡ ᠮᠥᠩᠭᠦ 8,770.42 ᠲᠦᠮᠡᠨ ᠲᠥᠭᠦᠷᠢᠭ ᠪᠠᠶᠢᠵᠤ᠂ | ᠪᠠᠭᠤᠯᠭᠠᠭᠰᠠᠨ ᠶᠡᠷᠦᠩᠬᠡᠶ ᠲᠣᠭᠠᠨ ᠤ 9.26% ᠶᠢ ᠡᠵᠡᠯᠡᠪᠡ᠃ | ᠨᠥᠬᠦᠪᠦᠷᠢᠯᠡᠬᠦ ᠭᠤᠣᠯ ᠬᠦᠷᠢᠶ᠎ᠡ ᠭᠡᠪᠡᠯ᠄ ᠨᠡᠶᠢᠭᠡᠮ ᠤᠨ ᠪᠠᠲᠤᠯᠠᠭ᠎ᠠ ᠶᠢᠨ ᠲᠦᠷᠦᠯ ᠳᠤ 29693.39 | ᠲᠦᠮᠡᠨ ᠲᠥᠭᠦᠷᠢᠭ᠂ ᠤᠢ ᠰᠢᠭᠤᠶ ᠶᠢᠨ ᠨᠥᠬᠦᠪᠥᠷᠢ 26444.41 ᠲᠦᠮᠡᠨ ᠲᠥᠭᠦᠷᠢᠭ᠂ ᠮᠠᠯ ᠠᠵᠤ ᠠᠬᠤᠶ ᠶᠢᠨ | ᠨᠥᠬᠦᠪᠥᠷᠢ 17287.28 ᠲᠦᠮᠡᠨ ᠲᠥᠭᠦᠷᠢᠭ᠂ ᠪᠦᠲᠦᠭᠡᠨ ᠪᠠᠶᠢᠭᠤᠯᠤᠯᠲᠠ ᠶᠢᠨ ᠲᠥᠷᠥᠯ ᠤᠨ | ᠨᠥᠬᠦᠪᠥᠷᠢ 9934.76 ᠲᠦᠮᠡᠨ ᠲᠥᠭᠦᠷᠢᠭ᠂ ᠲᠠᠷᠢᠶᠠᠯᠠᠩ ᠤᠨ ᠨᠥᠬᠦᠪᠥᠷᠢ 3436.82 ᠲᠦᠮᠡᠨ ᠲᠥᠭᠦᠷᠢᠭ᠂ | ᠡᠷᠡᠭᠦᠯ ᠬᠠᠮᠠᠭᠠᠯᠠᠯ ᠤᠨ ᠨᠥᠬᠦᠪᠥᠷᠢ 1879.46 ᠲᠦᠮᠡᠨ ᠲᠥᠭᠦᠷᠢᠭ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ | ᠤ ᠲᠦᠷᠦᠯ ᠤᠨ ᠨᠥᠬᠦᠪᠥᠷᠢ 1748.71 ᠲᠦᠮᠡᠨ ᠲᠥᠭᠦᠷᠢᠭ ᠪᠣᠯᠤᠨ᠎ᠠ᠃ ᠨᠥᠬᠦᠪᠥᠷᠢ ᠶᠢᠨ ᠪᠣᠳᠠᠲᠠᠶ ᠲᠥᠷᠥᠯ | ᠵᠦᠢᠯ ᠨᠢ ᠭᠤᠣᠯᠳᠠᠭᠤ᠄ ᠬᠤᠳᠠ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠨᠥᠬᠦᠪᠥᠷᠢ᠂ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠤᠰᠠᠯᠠᠮᠵᠢ᠂ | ᠲᠠᠷᠢᠶᠠᠯᠠᠭ᠎ᠠ ᠶᠢ ᠵᠣᠭᠰᠣᠭᠠᠵᠤ ᠤᠢ ᠮᠣᠳᠣ ᠶᠢ ᠰᠡᠷᠭᠦᠭᠡᠬᠦ ᠨᠥᠬᠦᠪᠥᠷᠢ᠂ ᠤᠢ ᠰᠢᠭᠤᠶ ᠶᠢᠨ ᠠᠮᠢ ᠠᠬᠤᠶ ᠶᠢᠨ | ᠦᠷ᠎ᠡ ᠠᠰᠢᠭ ᠤᠨ ᠨᠥᠬᠦᠪᠥᠷᠢ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠤᠨ | ᠨᠥᠬᠦᠪᠥᠷᠢ᠂ ᠮᠠᠯ ᠠᠵᠤ ᠠᠬᠤᠶ ᠶᠢᠨ ᠰᠠᠶᠢᠨ ᠦᠷ᠎ᠡ ᠶᠢᠨ ᠨᠥᠬᠦᠪᠥᠷᠢ᠂ ᠭᠠᠵᠠᠷ ᠰᠢᠷᠣᠶ ᠲᠠᠲᠠᠪᠤᠷᠢᠯᠠᠬᠤ ᠨᠤᠷᠠᠭᠠᠵᠤ | ᠨᠡᠭᠦᠯᠭᠡᠬᠦ ᠨᠥᠬᠦᠪᠥᠷᠢ᠂ ᠲᠠᠷᠢᠮᠠᠯ ᠤᠨ ᠰᠠᠶᠢᠨ ᠦᠷ᠎ᠡ ᠶᠢᠨ ᠨᠥᠬᠦᠪᠥᠷᠢ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ | ᠬᠤᠷᠰᠢᠭᠰᠠᠨ ᠡᠮᠨᠡᠯᠭᠡ ᠶᠢᠨ ᠡᠮᠨᠡᠯᠭᠡ ᠳᠤ ᠰᠠᠭᠤᠬᠤ ᠨᠥᠬᠦᠪᠥᠷᠢ᠂ ᠴᠢᠯᠠᠭᠤᠨ ᠳᠤᠰᠤᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢᠨ ᠵᠠᠮ ᠲᠡᠭᠡᠭᠡᠪᠦᠷᠢ ᠶᠢᠨ ᠨᠥᠬᠦᠪᠥᠷᠢ ᠨᠦᠭᠦᠳ ᠪᠣᠯᠣᠨ᠎ᠠ᠃ |